ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 103 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/23
       ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 103 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠥᠬᠡ ᠬᠤᠷᠠᠯ ᠡᠷᠬᠢᠯᠡᠨ ᠶᠠᠷᠢᠶ᠎ᠠ ᠲᠠᠯᠪᠢᠵᠠᠶ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠵᠡᠨ᠎ᠡ ᠬᠤᠰᠢᠭᠤᠨ ᠤ ᠥᠪᠡᠷᠮᠢᠴᠡ ᠣᠷᠣᠨ ᠪᠠᠶᠢᠷᠢ᠂ ᠡᠬᠢ ᠪᠠᠶᠠᠯᠢᠭ ᠪᠣᠯᠤᠨ ᠥᠪᠡᠷᠮᠢᠴᠡ ᠰᠣᠶᠣᠯ ᠤᠨ ᠳᠠᠪᠠᠭᠤᠯᠢᠭ ᠲᠤ ᠰᠠᠭᠤᠷᠢᠯᠠᠵᠤ᠂ ᠴᠡᠭᠡ ᠪᠣᠭᠤᠮᠲᠠ ᠶᠢᠨ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢ ᠨᠥᠯᠥᠭᠡᠯᠡᠭᠰᠡᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠧᠷᠭᠢ᠂ ᠠᠵᠤ ᠦᠢᠯᠡᠰ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠦᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠠᠬᠢᠭᠤᠯᠵᠤ᠂ ᠡᠷᠬᠢᠨ ᠲᠣᠭᠤᠷᠢᠨ ᠤ ᠠᠵᠢᠯ ᠢ ᠬᠠᠮᠵᠢᠯᠴᠠᠭᠤᠯᠤᠭᠰᠠᠨ ᠰᠠᠶᠢᠨ ᠰᠠᠶᠢᠬᠠᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠂ ᠡᠵᠡᠨ᠎ᠡ ᠬᠤᠰᠢᠭᠤᠨ ᠤ ᠡᠷᠬᠢᠨ ᠲᠣᠭᠤᠷᠢᠨ ᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢ ᠎ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠡᠷᠡᠰ ᠭᠤᠶᠢᠪᠢᠰᠢ ᠥᠬᠡᠶ ᠦᠢᠯᠡᠳᠦᠯᠭᠡᠵᠢᠭᠦᠯᠦᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠᠷ ᠴᠢᠬᠤᠯᠠ ᠬᠦᠴᠦᠯᠡᠬᠦ ᠴᠡᠭ ᠪᠣᠯᠭᠠᠵᠤ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠪᠨᠠᠭᠤᠷ ᠰᠣᠶᠣᠯ᠂ ᠰᠠᠨᠰᠠᠷ ᠤᠨ ᠰᠣᠶᠣᠯ ᠵᠡᠷᠭᠡ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠤᠨ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠨᠢᠭᠡ ᠪᠦᠯᠦᠭ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠷᠥᠯ ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠪᠥᠬᠦ ᠬᠤᠰᠢᠭᠤᠨ ᠤ ᠰᠣᠶᠣᠯ ᠢᠷᠭᠡᠨᠰᠢᠯ ᠤᠨ ᠦᠵᠡᠮᠵᠢ᠂ ᠪᠠᠶᠢᠭᠠᠯᠢ ᠶᠢᠨ ᠥᠩᠭᠡ ᠦᠵᠡᠮᠵᠢ ᠶᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠡᠵᠡᠨ᠎ᠡ ᠬᠤᠰᠢᠭᠤᠨ ᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ︽ᠡᠵᠡᠨ᠎ᠡ ᠬᠤᠰᠢᠭᠤᠨ ᠤ 2025 ᠣᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠭᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾᠎ ᠢ ᠰᠤᠳᠤᠯᠤᠨ ᠬᠢᠨᠠᠨ ᠵᠥᠪᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠵᠡᠷᠭᠡ ᠬᠠᠮᠠᠭᠠᠯᠠᠯᠲᠠ ᠶᠢᠨ ᠲᠦᠷᠢᠮ ᠢ ᠴᠢᠩᠭ᠎ᠠ             ᠨᠠᠶᠢᠳᠠᠪᠤᠷᠢᠵᠢᠭᠤᠯᠵᠤ᠂ ︽ᠤᠷᠢᠳᠠᠪᠠᠷ ᠵᠠᠰᠠᠵᠤ ᠳᠠᠷᠠᠭ᠎ᠠ ᠨᠢ ᠨᠥᠬᠦᠪᠥᠷᠢᠯᠡᠬᠦ︾ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠲᠣᠭᠲᠠᠴᠠ ᠶᠢ ᠭᠦᠨᠵᠡᠭᠡᠶᠢᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢ ᠴᠠᠬᠢᠯᠭᠠᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ︽ᠠᠯᠪᠠᠨ ᠵᠢᠷᠤᠮ ᠤᠨ ᠡᠯᠡᠰᠦ ᠶᠢ       ᠵᠠᠰᠠᠬᠤ︾ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠥᠮᠦᠨ ᠣᠷᠣᠯᠴᠠᠭᠰᠠᠨ᠂ ᠪᠥᠬᠦ ᠠᠷᠠᠳ ᠬᠠᠮᠲᠤ ᠪᠠᠷ ᠪᠥᠲᠥᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠠᠯᠵᠢᠬᠤ ᠠᠰᠠᠭᠤᠳᠠᠯ ᠤᠨ ᠡᠯ᠎ᠡ ᠵᠦᠢᠯ ᠤᠨ ᠡᠭᠦᠷᠭᠡ ᠶᠢ ᠡᠷᠴᠢᠮᠲᠡᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠪᠦᠲᠦᠮᠵᠢᠲᠡᠢ ᠬᠠᠮᠠᠭᠠᠯᠠᠬᠤ ᠶᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号