4 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠪᠥᠬᠦ ᠤᠯᠤᠰ ᠤᠨ ᠡᠯ᠎ᠡ ᠭᠠᠵᠠᠷ ᠠᠴᠠ | ᠢᠷᠡᠭᠰᠡᠨ ᠬᠤᠶᠠᠷ ᠵᠠᠭᠤᠭᠠᠳ ᠵᠢᠭᠤᠯᠴᠢᠯᠠᠯ ᠤᠨ ᠠᠷᠠᠯᠵᠢᠶᠠᠴᠢᠨ ᠤ ᠲᠥᠯᠥᠭᠡᠯᠡᠭᠴᠢ᠂ ᠵᠢᠭᠤᠯᠴᠢᠯᠠᠯ ᠳᠤ | ᠬᠤᠯᠪᠣᠭᠳᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠵᠡᠨ᠎ᠡ ᠬᠤᠰᠢᠭᠤᠨ ᠳᠤ ᠢᠷᠡᠵᠦ ᠭᠤᠷᠪᠠᠨ ᠡᠳᠦᠷ | ᠬᠤᠶᠠᠷ ᠣᠷᠣᠶ ᠶᠢᠨ ᠵᠢᠭᠤᠯᠴᠢᠯᠠᠯ ᠤᠨ ᠵᠠᠮ ᠱᠤᠭᠤᠮ ᠢ ᠨᠡᠪᠲᠡᠷᠡᠭᠦᠯᠬᠦ ᠠᠵᠢᠯᠯᠠᠭ᠎ᠠ ᠥᠷᠨᠢᠭᠦᠯᠪᠡ᠃ | ᠵᠢᠭᠤᠯᠴᠢᠯᠠᠯ ᠤᠨ ᠠᠷᠠᠯᠵᠢᠶᠠᠴᠢᠳ ᠤᠷᠢᠳ ᠬᠤᠵᠢᠳ ᠡᠵᠡᠨ᠎ᠡ ᠶᠢᠨ ᠲᠤᠤᠷᠠᠶ ᠶᠢᠨ ᠣᠶ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ᠂ ᠳ᠋ᠠ ᠮᠥᠸᠧ ᠲᠤᠤᠷᠠᠶ ᠶᠢᠨ ᠣᠶ ᠶᠢᠨ ᠦᠵᠡᠮᠵᠢ ᠶᠢᠨ ᠣᠷᠣᠨ᠂ ᠡᠷᠲᠡᠨ ᠤ ᠵᠢᠦᠢ ᠶᠡᠨ ᠤ | ᠪᠠᠭᠤᠷᠢ ᠶᠢᠨ ᠦᠵᠡᠮᠵᠢ ᠶᠢᠨ ᠣᠷᠣᠨ᠂ ᠰᠤᠪᠨᠠᠭᠤᠷ ᠤᠨ ᠦᠵᠡᠮᠵᠢ ᠶᠢᠨ ᠣᠷᠣᠨ᠂ ᠴᠡᠭᠡ ᠪᠣᠭᠤᠮᠲᠠ ᠶᠢᠨ ᠣᠯᠠᠨ | ᠤᠯᠤᠰ ᠤᠨ ᠰᠣᠶᠣᠯ ᠵᠢᠭᠤᠯᠴᠢᠯᠠᠯ ᠤᠨ ᠣᠷᠣᠨ᠂ ᠬᠠᠷ᠎ᠠ ᠬᠤᠲᠠ ᠶᠢᠨ ᠷᠥᠸᠧ ᠱᠦᠢ ᠲᠤᠤᠷᠠᠶ ᠶᠢᠨ ᠤᠢ ᠶᠢᠨ | ᠦᠵᠡᠮᠵᠢ ᠶᠢᠨ ᠣᠷᠣᠨ᠂ ᠳ᠋ᠦᠩᠹᠧᠩ ᠰᠠᠨᠰᠠᠷ ᠤᠨ ᠬᠤᠲᠠ ᠵᠡᠷᠭᠡ ᠭᠠᠵᠠᠷ ᠢᠶᠠᠷ ᠬᠦᠷᠴᠦ᠂ ᠡᠵᠡᠨ᠎ᠡ ᠬᠤᠰᠢᠭᠤᠨ ᠤ | ᠥᠪᠡᠷᠮᠢᠴᠡ ᠲᠡᠦᠬᠡ ᠰᠣᠶᠣᠯ᠂ ᠠᠮᠢ ᠠᠬᠤᠶ ᠶᠢᠨ ᠡᠬᠢ ᠪᠠᠶᠠᠯᠢᠭ᠂ ᠠᠷᠠᠳ ᠤᠨ ᠵᠠᠩ ᠦᠢᠯᠡ ᠶᠢ ᠣᠶᠢᠯᠠᠭᠠᠵᠤ᠂ | ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ᠂ ᠤᠨᠴᠠᠯᠢᠭᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠵᠠᠮ | ᠱᠤᠭᠤᠮ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠣᠶᠢᠯᠠᠭᠠᠵᠠᠶ᠃ | ᠺᠦᠨᠮᠢᠩ ᠤᠨ ᠠᠷᠠᠳ ᠤᠨ ᠠᠮᠢᠳᠤᠷᠠᠯ ᠤᠨ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ | ᠳᠠᠭᠠᠭᠠᠮᠠᠯ ᠸᠠᠩ ᠳ᠋ᠧᠩ ᠯᠢ᠄ ︽ᠠᠳᠡᠬᠢ ᠦᠵᠡᠮᠵᠢ ᠶᠢᠨ ᠣᠷᠣᠨ ᠳᠤ ᠠᠪᠴᠤ ᠬᠡᠯᠡᠪᠡᠯ᠂ ᠪᠢᠳᠡ ᠪᠠᠶᠢᠭᠠᠯᠢ ᠶᠢᠨ | ᠦᠵᠡᠮᠵᠢ ᠶᠢ ᠮᠠᠰᠢ ᠣᠯᠠᠨ ᠦᠵᠡᠵᠦ ᠥᠩᠭᠡᠷᠡᠭᠰᠡᠨ᠂ ᠭᠡᠪᠡᠴᠦ ᠠᠳᠡᠬᠢ ᠬᠠᠮᠠᠭᠠᠯᠠᠯᠲᠠ ᠨᠢ ᠮᠠᠰᠢ ᠰᠠᠶᠢᠨ᠂ | ᠲᠤᠤᠷᠠᠶ ᠶᠢᠨ ᠣᠶ ᠶᠢᠨ ᠦᠵᠡᠮᠵᠢ ᠶᠢᠨ ᠣᠷᠣᠨ ᠳᠤ ᠪᠢ ᠮᠠᠰᠢ ᠭᠦᠨ ᠰᠠᠭᠤᠭᠳᠠᠯ ᠲᠠᠢ᠂ ᠤᠯᠠᠷᠢᠯ ᠪᠦᠷᠢ ᠶᠢᠨ | ᠲᠥᠷᠥᠭᠳᠡᠯ ᠨᠢ ᠠᠳᠠᠯᠢ ᠥᠬᠡᠶ᠂ ᠠᠯᠢ ᠤᠯᠠᠷᠢᠯ ᠳᠤ ᠴᠤ ᠭᠡᠰᠡᠨ ᠪᠦᠷ ᠢᠷᠡᠵᠦ ᠦᠵᠡᠪᠡᠯ ᠵᠣᠬᠢᠨ᠎ᠠ᠂ ᠨᠠᠮᠤᠷ ᠤᠨ | ᠦᠵᠡᠮᠵᠢ ᠪᠠᠷ ᠬᠢᠵᠠᠭᠠᠷᠯᠠᠭᠳᠠᠬᠤ ᠥᠬᠡᠶ᠂ ᠭᠡᠪᠡᠴᠦ ᠨᠠᠮᠤᠷ ᠪᠣᠯᠬᠤ ᠳᠤ ᠥᠩᠭᠡ ᠨᠢ ᠨᠠᠩ ᠭᠤᠶᠤᠮᠰᠠᠭ᠂ ᠨᠠᠩ | ᠣᠯᠠᠨ ᠥᠩᠭᠡ ᠪᠤᠳᠤᠭ ᠲᠠᠢ ᠪᠣᠯᠤᠨ᠎ᠠ᠃ ᠳᠠᠷᠠᠭ᠎ᠠ ᠨᠢ ᠪᠤᠯ ᠰᠤᠪᠨᠠᠭᠤᠷ ᠤᠨ ᠦᠷᠯᠦᠭᠡ ᠶᠢᠨ ᠦᠵᠮᠡᠵᠢ ᠪᠤᠯ ᠬᠡᠯᠡᠰᠢ | ᠦᠭᠡᠢ ᠭᠤᠶᠤ ᠪᠠᠶᠢᠯ᠎ᠠ᠂ ᠡᠨᠡ ᠶᠡᠭᠡ ᠭᠠᠩ ᠬᠠᠭᠤᠷᠠᠶ ᠡᠯᠡᠰᠦᠨ ᠴᠥᠯ ᠳᠤ ᠬᠠᠷᠢᠨ ᠡᠶᠢᠮᠦ ᠶᠡᠭᠡ ᠲᠡᠯᠡᠶ ᠪᠠᠶᠢᠬᠤ ᠨᠢ | ᠨᠠᠳᠠ ᠮᠠᠰᠢ ᠭᠠᠶᠢᠬᠠᠮᠰᠢᠭᠲᠠᠶ ᠰᠠᠨᠠᠭᠳᠠᠵᠤ ᠪᠠᠶᠢᠨ᠎ᠠ︾ ᠭᠡᠪᠡ᠃ | ᠮᠢᠩᠭᠠᠨ ᠵᠢᠯ ᠢᠶᠠᠷ ᠪᠠᠯᠠᠷᠠᠰᠢ ᠦᠭᠡᠢ ᠲᠣᠣᠷᠠᠢ ᠶᠢᠨ ᠣᠢ ᠠᠴᠠ ᠭᠡᠷᠡᠯ ᠰᠠᠴᠤᠷᠠᠨ ᠲᠤᠶᠠᠭᠠᠷᠠᠭᠰᠠᠨ ᠰᠤᠪᠨᠠᠭᠤᠷ | ᠬᠦᠷᠲᠡᠯ᠎ᠡ᠂ ᠡᠵᠡᠨ᠎ᠡ ᠬᠤᠰᠢᠭᠤᠨ ᠤ ᠪᠠᠶᠢᠭᠠᠯᠢ ᠶᠢᠨ ᠦᠵᠡᠮᠵᠢ ᠪᠣᠯᠤᠨ ᠰᠣᠶᠣᠯ ᠢᠷᠭᠡᠨᠰᠢᠯ ᠤᠨ ᠠᠭᠤᠯᠬᠤᠨ ᠨᠢ | ᠵᠢᠭᠤᠯᠴᠢᠳ ᠤᠨ ᠮᠠᠭᠲᠠᠭᠠᠯ ᠢ ᠣᠯᠤᠭᠰᠠᠨ ᠪᠠᠶᠢᠨ᠎ᠠ.᠃ | ᠰᠢᠨᠵᠢᠶᠠᠩ ᠤᠨ ᠸᠠᠨ ᠯᠢ ᠯᠦ ᠶᠢᠨ ᠶᠦᠨᠨᠠᠨ ᠤ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠧᠨ | ᠬᠤᠩ᠄ ︽ᠡᠨᠡ ᠤᠳᠠᠭ᠎ᠠ ᠵᠠᠮ ᠱᠤᠭᠤᠮ ᠢ ᠲᠤᠭᠤᠷᠢᠨ ᠤᠶᠢᠯᠠᠭᠠᠬᠤ ᠶᠢᠨ ᠬᠠᠮᠲᠤ ᠡᠵᠡᠨ᠎ᠡ ᠶᠢᠨ ᠲᠤᠤᠷᠠᠶ ᠶᠢᠨ | ᠣᠢ ᠶᠢ ᠦᠵᠡᠬᠦ ᠪᠠᠷ ᠢᠷᠡᠭᠰᠡᠨ᠂ ᠠᠯᠢ ᠡᠷᠲᠡ ᠡᠵᠡᠨ᠎ᠡ ᠶᠢᠨ ᠲᠤᠤᠷᠠᠶ ᠶᠢᠨ ᠣᠢ ᠮᠠᠰᠢ ᠭᠤᠶᠤ ᠭᠡᠵᠦ ᠰᠣᠨᠣᠰᠴᠠᠶ᠂ | ᠭᠤᠤᠯᠳᠠᠭᠤ ᠨᠠᠮᠤᠷ ᠪᠣᠯᠬᠤ ᠳᠤ᠂ ᠭᠡᠬᠦ ᠳᠤ ᠡᠨᠡ ᠤᠳᠠᠭ᠎ᠠ ᠢᠷᠡᠬᠦ ᠳᠤ᠂ ᠡᠨᠡ ᠬᠠᠪᠤᠷ ᠤᠨ ᠲᠤᠤᠷᠠᠶ ᠶᠢᠨ ᠣᠢ ᠨᠢ | ᠴᠦ ᠮᠠᠰᠢ ᠭᠤᠶᠤ ᠪᠠᠶᠢᠨ᠎ᠠ︾ ᠭᠡᠪᠡ᠃ | ᠲᠣᠰ ᠤᠳᠠᠭᠠᠨ ᠤ ᠠᠵᠢᠯᠯᠠᠭ᠎ᠠ ᠨᠢ ᠲᠤᠬᠠᠶ ᠶᠢᠨ ᠭᠠᠵᠠᠷ ᠢᠶᠠᠷ ᠲᠣᠭᠤᠷᠢᠨ ᠦᠵᠡᠬᠦ ᠪᠠ ᠪᠡᠶᠡᠴᠢᠯᠡᠨ | ᠣᠶᠢᠯᠠᠭᠠᠬᠤ ᠪᠠᠷ ᠳᠡᠮᠵᠢᠨ᠂ ᠡᠵᠡᠨ᠎ᠡ ᠬᠤᠰᠢᠭᠤᠨ ᠤ ᠡᠯᠪᠡᠭ ᠪᠠᠶᠠᠯᠢᠭ ᠣᠯᠠᠨ ᠡᠰᠢᠲᠦ ᠵᠢᠭᠤᠯᠴᠢᠯᠠᠯ ᠤᠨ ᠡᠬᠢ | ᠪᠠᠶᠠᠯᠢᠭ᠂ ᠭᠦᠨ ᠵᠤᠵᠠᠭᠠᠨ ᠲᠡᠦᠬᠡ ᠰᠣᠶᠣᠯ ᠢ ᠪᠥᠬᠦ ᠲᠠᠯ᠎ᠠ ᠪᠠᠷ ᠢᠯᠡᠷᠡᠭᠦᠯᠦᠭᠰᠡᠨ ᠪᠠᠶᠢᠨ᠎ᠠ᠃ | ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠶᠤᠸᠠᠨ ᠬᠥᠩ ᠰᠢᠤᠸᠠᠢ᠄ ︽ᠲᠣᠰ ᠤᠳᠠᠭᠠᠨ ᠤ | ᠠᠵᠢᠯᠯᠠᠭ᠎ᠠ ᠨᠢ ᠠᠯᠠᠱᠠ ᠠᠶᠢᠮᠠᠭ ᠤᠨ ᠵᠢᠭᠤᠯᠴᠢᠯᠠᠯ ᠬᠤᠳᠠᠯᠳᠤᠭᠠᠨ ᠤ ᠶᠡᠭᠡ ᠬᠤᠷᠠᠯ ᠠᠴᠠ ᠭᠠᠷᠭᠠᠭᠰᠠᠨ ᠳᠥᠷᠪᠡᠨ | ᠵᠠᠮ ᠱᠤᠭᠤᠮ ᠤᠨ ᠴᠢᠬᠤᠯᠠ ᠨᠢᠭᠡ ᠱᠤᠭᠤᠮ ᠪᠣᠯᠤᠨ᠎ᠠ᠂ ᠮᠠᠨ ᠤ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ᠴᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠮ ᠱᠤᠭᠤᠮ ᠢ ᠨᠠᠷᠢᠨ ᠨᠢᠮᠪᠠᠶ | ᠲᠥᠯᠥᠪᠯᠡᠵᠦ᠂ ᠵᠢᠭᠤᠯᠴᠢᠯᠠᠯ ᠤᠨ ᠠᠷᠠᠯᠵᠢᠶᠠᠴᠢᠨ ᠢ ᠳᠠᠭᠠᠭᠤᠯᠤᠨ ᠦᠵᠡᠮᠵᠢ ᠶᠢᠨ ᠣᠷᠣᠨ ᠤ ᠰᠠᠭᠤᠷᠢ | ᠲᠥᠬᠦᠭᠡᠷᠦᠮᠵᠢ ᠵᠢᠴᠢ ᠥᠪᠡᠷᠮᠢᠴᠡ ᠣᠨᠴᠠᠯᠢᠭ ᠪᠥᠬᠦᠶ ᠠᠵᠤ ᠦᠢᠯᠡᠰ ᠤᠨ ᠪᠠᠶᠢᠳᠠᠯ ᠢ ᠭᠦᠨᠵᠡᠭᠡᠶ ᠰᠢᠨᠵᠢᠯᠡᠨ | ᠪᠠᠶᠢᠴᠠᠭᠠᠬᠤ ᠪᠠᠷ ᠳᠡᠮᠵᠢᠨ᠂ ᠠᠵᠤ ᠠᠬᠤᠶᠢᠯᠠᠯ ᠤᠨ ᠬᠤᠭᠤᠷᠣᠨᠳᠣ ᠰᠠᠶᠢᠨ ᠰᠠᠶᠢᠬᠠᠨ ᠲᠠᠪᠴᠠᠩ ᠢ ᠪᠠᠶᠢᠭᠤᠯᠵᠤ | ᠥᠭᠭᠦᠭᠰᠡᠨ ᠪᠥᠭᠡᠳ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠭᠰᠠᠨ ᠪᠠᠶᠢᠨ᠎ᠠ︾ ᠭᠡᠪᠡ᠃ | ᠦᠵᠡᠮᠵᠢ ᠶᠢᠨ ᠤᠷᠤᠨ ᠢᠶᠠᠷ ᠲᠤᠭᠤᠷᠢᠭᠰᠠᠨ ᠵᠠᠮ ᠱᠤᠭᠤᠮ ᠳᠤ ᠣᠷᠣᠯᠴᠠᠭᠰᠠᠨ ᠵᠢᠭᠤᠯᠴᠢᠳ᠂ ᠡᠵᠡᠨ᠎ᠡ | ᠬᠤᠰᠢᠭᠤ ᠥᠪᠡᠷᠮᠢᠴᠡ ᠵᠢᠭᠤᠯᠴᠢᠯᠠᠯ ᠤᠨ ᠡᠬᠢ ᠪᠠᠶᠠᠯᠢᠭ ᠲᠠᠢ ᠪᠥᠭᠡᠳ ᠨᠡᠩ ᠴᠤ ᠲᠠᠲᠠᠬᠤ ᠬᠦᠴᠦᠨ ᠲᠠᠢ ᠰᠣᠶᠣᠯ | ᠢᠷᠭᠡᠨᠰᠢᠯ ᠤᠨ ᠣᠷᠴᠢᠨ ᠲᠠᠢ ᠭᠡᠵᠦ ᠢᠯᠡᠷᠬᠡᠶᠢᠯᠡᠪᠡ᠃ ᠡ᠊ᠨᠳᠡ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ | ᠪᠠᠶᠢᠬᠤ ᠮᠥᠷᠲᠡᠭᠡᠨ ᠪᠠᠰᠠ ᠭᠦᠨ ᠵᠤᠵᠠᠭᠠᠨ ᠲᠡᠦᠬᠡ ᠰᠣᠶᠣᠯ ᠲᠠᠢ᠂ ᠥᠪᠡᠷᠮᠢᠴᠡ ᠣᠨᠴᠠᠯᠢᠭ ᠲᠠᠢ ᠬᠢᠯᠢ ᠶᠢᠨ ᠵᠠᠩ | ᠦᠢᠯᠡ ᠪᠠ ᠲᠡᠷᠢᠭᠦᠨ ᠤ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ ᠤᠨ ᠡᠬᠢ | ᠪᠠᠶᠠᠯᠢᠭ ᠤᠨ ᠤᠯᠠᠨ ᠶᠠᠩᠵᠤᠲᠤ ᠴᠢᠨᠠᠷ ᠪᠠ ᠥᠪᠡᠷᠮᠢᠴᠡ ᠴᠢᠨᠠᠷ ᠨᠢ ᠪᠦᠬᠦ ᠤᠯᠤᠰ ᠲᠤ ᠦᠨᠡᠬᠡᠷ ᠬᠤᠪᠣᠷ ᠶᠤᠮ᠃ | ᠣᠯᠠᠨ ᠢᠶᠠᠷ ᠢᠶᠠᠨ ᠢᠷᠡᠭᠡᠳᠦᠶ ᠳᠤ ᠡᠵᠡᠨ᠎ᠡ ᠲᠠᠢ ᠨᠠᠩ ᠣᠯᠠᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠡᠬᠢ | ᠪᠠᠶᠠᠯᠢᠭ ᠢ ᠨᠢᠭᠡᠳᠭᠡᠬᠦ᠂ ᠵᠠᠮ ᠱᠤᠭᠤᠮ ᠢ ᠰᠢᠯᠢᠳᠡᠭᠵᠢᠭᠦᠯᠬᠦ᠂ ᠡᠵᠡᠩᠨᠡᠯᠲᠡ ᠪᠣᠷᠣᠯᠠᠭᠤᠯᠤᠯᠲᠠ ᠶᠢᠨ ᠰᠢᠨ᠎ᠡ ᠶᠢ | ᠡᠭᠦᠳᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠵᠡᠨ᠎ᠡ ᠬᠤᠰᠢᠭᠤᠨ ᠤ ᠭᠤᠶᠢᠳᠠ ᠰᠠᠶᠢᠬᠠᠨ ᠥᠩᠭᠡ | ᠦᠵᠡᠮᠵᠢ ᠪᠣᠯᠤᠨ ᠥᠪᠡᠷᠮᠢᠴᠡ ᠷᠢᠳᠢ ᠰᠢᠳᠢ ᠶᠢ ᠨᠠᠩ ᠣᠯᠠᠨ ᠵᠤᠭᠠᠴᠠᠭᠰᠠᠳ ᠲᠤ ᠲᠠᠨᠢᠯᠴᠠᠭᠤᠯᠵᠤ᠂ ᠨᠠᠩ ᠣᠯᠠᠨ | ᠬᠥᠮᠦᠰ ᠲᠤ ᠡᠨᠡ ᠬᠦ ᠤᠷᠤᠨ ᠪᠦᠰᠡ ᠶᠢᠨ ᠴᠤᠭ ᠵᠢᠪᠬᠤᠭ᠎ᠠ ᠶᠢ ᠦᠵᠡᠭᠦᠯᠦᠨ᠎ᠡ᠃ | ᠵᠥᠩ ᠰᠢᠨ ᠵᠢᠭᠤᠯᠴᠢᠯᠠᠯ ᠤᠨ ᠬᠤᠷᠢᠶᠠᠨ ᠤ ᠶᠦᠨᠨᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠱᠧᠨ | ᠶᠦᠨ ᠨᠠᠨ᠄ ︽ᠡᠨᠡ ᠤᠳᠠᠭ᠎ᠠ ᠡᠵᠡᠨ᠎ᠡ ᠳᠤ ᠬᠦᠷᠴᠦ ᠵᠠᠮᠴᠢᠯᠠᠬᠤ ᠪᠠᠷ ᠢᠷᠡᠭᠰᠡᠨ᠂ ᠮᠠᠨ ᠤ ᠡᠵᠡᠨ᠎ᠡ ᠶᠢᠨ | ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ᠂ ᠮᠥᠨ ᠴᠦ ᠮᠠᠨ ᠤ ᠡᠵᠡᠨ᠎ᠡ ᠲᠠᠢ ᠮᠠᠰᠢ ᠣᠯᠠᠨ ᠵᠢᠭᠤᠯᠴᠢᠯᠠᠯ ᠤᠨ | ᠭᠦᠨᠵᠡᠭᠡᠶ ᠬᠠᠮᠲᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ︾ ᠭᠡᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠥᠬᠦ ᠤᠯᠤᠰ ᠤᠨ ᠵᠢᠭᠤᠯᠴᠢᠯᠠᠯ ᠤᠨ | ᠠᠷᠠᠯᠵᠢᠶᠠᠴᠢᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠣᠨᠴᠠᠯᠢᠭᠲᠤ ᠵᠢᠭᠤᠯᠴᠢᠯᠠᠯ ᠤᠨ ᠦᠢᠯᠡᠳᠭᠦᠨ ᠢ ᠬᠠᠮᠲᠤ ᠪᠠᠷ ᠨᠡᠭᠡᠭᠡᠨ ᠬᠥᠭᠵᠢᠭᠦᠯᠵᠦ᠂ ᠠᠳᠠᠯᠢ ᠪᠤᠰᠤ | ᠠᠶᠠᠨᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠪᠠ ᠵᠢᠭᠤᠯᠴᠢᠯᠠᠭᠴᠢ ᠶᠢᠨ ᠬᠡᠷᠡᠭᠴᠡᠭᠡ ᠱᠠᠭᠠᠷᠳᠠᠯᠭ᠎ᠠ ᠳᠤ | ᠴᠢᠭᠯᠡᠭᠦᠯᠦᠨ᠂ ᠠᠮᠢ ᠠᠬᠤᠶ ᠶᠢᠨ ᠵᠢᠭᠤᠯᠴᠢᠯᠠᠯ᠂ ᠰᠣᠶᠣᠯ ᠢ ᠪᠡᠶᠡᠴᠢᠯᠡᠨ ᠣᠶᠢᠯᠠᠭᠠᠬᠤ᠂ ᠬᠢᠯᠢ ᠶᠢᠨ ᠠᠷᠠᠯᠵᠢᠶ᠎ᠠ᠂ | ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠣᠯᠠᠨ ᠶᠠᠩᠵᠤ ᠶᠢᠨ ᠵᠢᠭᠤᠯᠴᠢᠯᠠᠯ ᠤᠨ | ᠵᠠᠮ ᠱᠤᠭᠤᠮ ᠢ ᠪᠠᠶᠢᠭᠤᠯᠤᠨ᠎ᠠ᠃ ᠡᠭᠦᠨ ᠤ ᠬᠠᠮᠲᠤ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ ᠵᠠᠭᠪᠤᠷ ᠲᠤ | ᠰᠢᠨ᠎ᠡ ᠶᠢ ᠡᠭᠦᠳᠴᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠢ | ᠠᠬᠤᠶ ᠶᠢᠨ ᠦᠵᠡᠮᠵᠢ ᠬᠢᠭᠡᠳ ᠣᠷᠣᠨ ᠰᠠᠭᠤᠴᠠ ᠶᠢᠨ ᠰᠣᠶᠣᠯ ᠤᠨ ︽ᠬᠤᠤᠰ IP︾ ᠳᠠᠪᠬᠤᠴᠠᠭᠰᠠᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠵᠤᠴᠢᠨ ᠤᠭᠲᠤᠬᠤ — ᠵᠤᠴᠢᠨ ᠢᠶᠠᠨ ᠦᠯᠡᠳᠡᠭᠡᠬᠦ — ᠵᠣᠴᠢᠨ ᠢ | ᠬᠠᠷᠠᠭᠠᠯᠵᠠᠬᠤ︾ ᠪᠥᠬᠦ ᠬᠡᠯᠬᠢᠶᠡᠲᠦ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠡᠵᠡᠨ᠎ᠡ | ᠬᠤᠰᠢᠭᠤᠨ ᠤ ︽ᠬᠢᠯᠢ ᠪᠠᠷ ᠵᠢᠭᠤᠯᠴᠢᠯᠠᠬᠤ︾ ᠠᠴᠠ ︽ᠵᠣᠷᠢᠭᠰᠠᠨ ᠭᠠᠵᠠᠷ ᠤᠨ ᠵᠢᠭᠤᠯᠴᠢᠯᠠᠯ︾ ᠲᠡᠶᠢᠰᠢ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠂ ᠡᠵᠡᠨ᠎ᠡ ᠬᠤᠰᠢᠭᠤᠨ ᠤ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠴᠣ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ᠃ | |