ᠮᠠᠨ ᠤ ᠬᠤᠰᠢᠭᠤᠨ ᠤ ᠪᠥᠬᠦ ᠠᠷᠠᠳ ᠢᠶᠠᠷ ᠢᠶᠠᠨ ᠨᠣᠮ ᠤᠩᠰᠢᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ᠂ ︽ᠪᠤᠯᠪᠠᠰᠤᠨ ᠨᠣᠮ ᠤᠨ ᠱᠣᠰᠢᠭ᠎ᠠ ᠶᠢᠨ ᠠᠵᠢᠯᠯᠠᠭ᠎ᠠ︾᠎ ᠶᠢᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/23
    ︽ᠪᠢᠴᠢᠭ ᠤᠨ ᠰᠤᠷᠪᠤᠯᠵᠢᠲᠤ ᠡᠵᠡᠨ᠎ᠡ︾᠎ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 20᠎ ᠤ ᠡᠳᠦᠷ᠂ ᠡᠵᠡᠨ᠎ᠡ ᠬᠤᠰᠢᠭᠤ ᠨᠢ ᠴᠡᠷᠢᠭ ᠢ ᠬᠦᠷᠢᠶᠡᠯᠡᠬᠦ ᠠᠭᠤᠳᠠᠮ ᠲᠠᠯᠠᠪᠠᠶ ᠳᠤ 2025 ᠣᠨ ᠤ ︽ᠤᠮᠠᠷᠠᠲᠤ ᠬᠢᠯᠢ ᠶᠢ ᠰᠣᠨᠢᠷᠬᠠᠨ ᠦᠵᠡᠬᠦᠶ ᠪᠢᠴᠢᠭ ᠤᠨ ᠰᠤᠷᠪᠤᠯᠵᠢᠲᠤ ᠡᠵᠡᠨ᠎ᠡ︾᠎ ᠶᠢᠨ ᠪᠥᠬᠦ ᠠᠷᠠᠳ ᠤᠨ ᠤᠩᠰᠢᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂       ︽ᠪᠤᠯᠪᠠᠰᠤᠨ ᠨᠣᠮ ᠤᠨ ᠱᠣᠰᠢᠭ᠎ᠠ ᠶᠢᠨ ᠠᠵᠢᠯᠯᠠᠭ᠎ᠠ︾᠎ ᠶᠢᠨ ᠡᠬᠢᠯᠡᠯᠲᠡ ᠶᠢᠨ ᠶᠣᠰᠣᠯᠠᠯ ᠵᠢᠴᠢ ᠰᠢᠷᠢᠰ ᠠᠵᠢᠯᠯᠠᠭ᠎ᠠ ᠥᠷᠨᠢᠭᠦᠯᠪᠡ᠃ ᠬᠤᠰᠢᠭᠤ ᠤᠳᠤᠷᠢᠳᠤᠯᠭ᠎ᠠ ᠶᠠᠩ ᠶᠦᠩ ᠴᠢ᠂ ᠱᠢ ᠲᠢᠩ᠂ ᠳ᠋ᠤᠸᠠᠨ ᠶᠢᠨ ᠸᠧᠨ᠂ ᠴᠡᠭᠴᠡᠤᠬᠡᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠱᠢ ᠲᠢᠩ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠪᠠᠷ ᠠᠬᠢᠭᠤᠯᠤᠶ᠎ᠠ ᠭᠡᠵᠦ ᠤᠷᠢᠶᠠᠯᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠤᠯ ᠪᠤᠯᠬᠤ ᠨᠣᠮ ᠤᠨ ᠥᠷᠥᠭᠡ︾᠎ ᠶᠢᠨ ᠨᠣᠮ ᠪᠢᠴᠢᠭ ᠢ ᠬᠤᠪᠢᠶᠠᠯᠴᠠᠬᠤ ᠶᠣᠰᠣᠯᠠᠯ ᠢ ᠶᠠᠪᠤᠭᠳᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠪᠦᠬᠦ ᠬᠤᠰᠢᠭᠤᠨ ᠤ ᠡᠯ᠎ᠡ ᠡᠲᠡᠭᠡᠳ ᠤᠨ ᠨᠣᠮ ᠤᠩᠰᠢᠬᠤ ᠪᠠᠭ᠋ᠠᠳᠠᠳ ︽ᠠᠯᠠᠱᠠ ᠶᠢᠨ ᠦᠯᠢᠬᠡᠷ ᠢ ᠰᠠᠶᠢᠬᠠᠨ ᠶᠠᠷᠢᠰᠤᠭᠠᠢ —— ᠡᠵᠡᠨ᠎ᠡ ᠬᠤᠰᠢᠭᠤᠨ ᠤ ᠦᠯᠢᠭᠡᠷ︾᠎ ᠤᠨ ᠡᠬᠢᠨ ᠤ ᠬᠡᠰᠡᠭ ᠢ ᠤᠶᠠᠩᠭᠠᠯᠠᠨ ᠤᠩᠰᠢᠵᠤ᠂ ᠲᠤᠬᠠᠢ ᠶᠢᠨ ᠲᠠᠯᠠᠪᠠᠢ ᠶᠢᠨ ᠬᠦᠮᠦᠰ ᠤᠨ ᠪᠠᠭ᠋ᠠᠷᠬᠠᠯ ᠢ ᠲᠠᠲᠠᠨ᠎ᠠ᠃    ᠤᠷᠤᠯᠴᠠᠭᠴᠢ ᠡᠩᠬᠡᠮᠡᠨᠳᠦ᠄ ︽ᠥᠨᠥᠳᠦᠷ ᠪᠢ ᠤᠷᠠᠨ ᠤᠩᠰᠢᠯᠭ᠎ᠠ ᠳᠤ ᠣᠷᠣᠯᠴᠠᠵᠤ᠂ ᠪᠤᠯᠪᠠᠰᠤᠨ ᠨᠣᠮ ᠤᠨ ᠱᠣᠰᠢᠭ᠎ᠠ ᠶᠢ ᠦᠪᠡᠷ ᠢᠶᠠᠨ ᠬᠢᠯ᠎ᠡ᠂ ᠮᠢᠨᠦ ᠦᠵᠡᠬᠦ ᠪᠠᠷ ᠡᠨᠡ ᠬᠥᠳᠡᠯᠭᠡᠭᠡᠨ ᠲᠤᠩ ᠤᠳᠬ᠎ᠠ ᠠᠭᠤᠯᠭ᠎ᠠ ᠲᠠᠢ ᠪᠤᠯᠤᠭᠰᠠᠨ᠂ ᠰᠡᠭᠦᠯᠡᠷ ᠪᠢ ᠪᠠᠰᠠ ᠬᠢᠴᠢᠶᠡᠯ ᠤᠨ ᠭᠠᠳᠠᠨᠠᠬᠢ ᠴᠠᠭ ᠲᠤ ᠪᠠᠨ ᠢᠯᠡᠭᠦᠦ ᠨᠣᠮ ᠤᠩᠰᠢᠨ᠎ᠠ︾ ᠭᠡᠪᠡ᠃    ᠶᠣᠰᠣᠯᠠᠯ ᠳᠡᠭᠡᠷ᠎ᠡ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠠᠷᠠᠳ ᠤᠨ ᠤᠩᠰᠢᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠨᠠᠭᠠᠴᠢᠯᠠᠭ᠎ᠠ ᠭᠠᠷᠭᠠᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠳᠤ ︽ᠢᠯᠡᠭᠦᠬᠡᠨ ᠨᠣᠮ ᠤᠩᠰᠢᠵᠤ᠂ ᠰᠠᠶᠢᠲᠤᠷ ᠨᠣᠮ ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠶ ᠪᠠᠶᠢᠬᠤ︾ ᠤᠷᠢᠶᠠᠯᠠᠭ᠎ᠠ ᠭᠠᠷᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠷᠢᠯᠠᠭᠤᠯᠤᠭᠰᠠᠨ ᠪᠦᠬᠦ ᠠᠷᠠᠳ ᠤᠨ ᠭᠠᠷ ᠤᠨ ᠦᠰᠦᠭ ᠵᠢᠷᠤᠵᠤ ᠺᠠᠷᠳ᠋ᠯᠠᠬᠤ ᠲᠣᠭᠤᠷᠢᠭ᠂ ᠪᠤᠯᠪᠠᠰᠤᠨ ᠨᠣᠮ ᠤᠨ ᠱᠣᠰᠢᠭ᠎ᠠ ᠦᠢᠯᠡᠳᠬᠦ᠂ ᠱᠠᠩᠨᠠᠯ ᠰᠤᠭᠤᠯᠬᠤ ᠠᠵᠢᠯᠯᠠᠭ᠎ᠠ ᠶᠢᠨ ᠲᠣᠭᠤᠷᠢᠭ ᠲᠤ ᠬᠥᠮᠦᠨ ᠬᠠᠷ᠎ᠠ ᠴᠤᠭᠯᠠᠷᠠᠵᠤ᠂ ᠵᠠᠯᠠᠭᠤᠴᠤᠳ ᠪᠠᠭᠠᠴᠤᠳ ᠬᠠᠯᠠᠭᠤᠮᠰᠤᠭ ᠢᠶᠠᠷ ᠤᠷᠤᠯᠴᠠᠨ᠂ ᠪᠠᠶᠠᠷ ᠪᠠᠶᠠᠰᠤᠯ ᠲᠠᠢ ᠠᠭᠤᠷ ᠠᠮᠢᠰᠬᠤᠯ ᠢᠶᠠᠷ ᠪᠢᠯᠬᠠᠵᠤ᠂ ᠡᠷᠡᠭᠦᠯ ᠥᠭᠡᠳᠡᠷᠬᠡᠭ ᠰᠣᠶᠣᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠨᠡᠮᠡᠷᠢᠯᠡᠪᠡ᠃ ᠠᠵᠢᠯᠯᠠᠭᠠᠨ ᠳᠤᠮᠳᠠ ᠪᠠᠰᠠ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠯ ᠳᠤ ᠴᠣᠬᠢᠯᠲᠠ ᠦᠭᠬᠦ︾ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠰᠢᠩᠬᠤᠸᠠ ᠨᠣᠮ ᠤᠨ ᠳᠡᠯᠭᠡᠭᠦᠷ ᠠᠴᠠ ᠨᠣᠮ ᠬᠤᠳᠠᠯᠳᠤᠨ ᠠᠪᠬᠤ ᠪᠢᠯᠧᠲ ᠲᠠᠷᠬᠠᠭᠠᠵᠤ᠂ ᠡᠷᠡᠭᠦᠯ ᠰᠠᠷᠠᠭᠤᠯ ᠤᠩᠰᠢᠯᠭ᠎ᠠ ᠶᠢᠨ ᠣᠶᠢᠯᠠᠭᠠᠭᠳᠠᠬᠤᠨ ᠢ ᠰᠠᠨᠠᠭᠠᠴᠢᠯᠠᠨ᠂ ᠡᠷᠡᠭᠦᠯ ᠰᠠᠷᠠᠭᠤᠯ ᠰᠣᠶᠣᠯ ᠤᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃    ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠰᠡᠴᠡᠨᠪᠠᠭᠠᠲᠤᠷ᠄ ︽ᠡᠨᠡ ᠬᠦᠳᠡᠯᠭᠡᠭᠡᠨ ᠢ ᠦᠷᠨᠢᠭᠦᠯᠦᠭᠰᠡᠨ ᠭᠤᠤᠯ ᠵᠣᠷᠢᠯᠭ᠎ᠠ ᠪᠣᠯ ᠪᠥᠬᠦ ᠠᠷᠠᠳ ᠤᠨ ᠨᠣᠮ ᠤᠩᠰᠢᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠢᠯᠠᠩᠭᠤᠶ᠎ᠠ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠤᠤᠷᠲᠠᠶ ᠬᠡᠪᠯᠡᠯ ᠠᠴᠠ ᠬᠤᠯᠠ ᠪᠠᠶᠢᠯᠭᠠᠵᠤ᠂ ᠡᠷᠡᠭᠦᠯ ᠥᠭᠡᠳᠡᠷᠬᠡᠭ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠬᠤᠶᠢᠰᠢᠳᠠ᠂ ᠪᠢᠳᠡ ᠦᠷᠭᠦᠯᠵᠢᠯᠡᠨ ᠬᠡᠯᠪᠡᠷᠢ ᠪᠠᠨ ᠰᠢᠨᠡᠴᠢᠯᠡᠵᠦ᠂ ᠡᠬᠢ ᠪᠠᠶᠠᠯᠢᠭ ᠢᠶᠠᠨ ᠨᠢᠭᠡᠳᠭᠡᠨ᠂ ᠨᠣᠮ ᠤᠩᠰᠢᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠠᠷᠠᠳ ᠲᠦᠮᠡᠨ ᠤ ᠠᠮᠢᠳᠤᠷᠠᠯ ᠳᠤ ᠠᠭᠤᠰᠤᠯᠴᠠᠭᠤᠯᠤᠨ᠂ ᠨᠡᠶᠢᠭᠡᠮ ᠤᠨ ᠡᠯ᠎ᠡ ᠡᠲᠡᠭᠡᠳ ᠲᠠᠢ ᠬᠠᠮᠲᠤ ᠪᠠᠷ ᠪᠢᠳᠡᠨ ᠤ ᠤᠶᠤᠨ ᠰᠠᠨᠠᠭᠠᠨ ᠤ ᠭᠡᠷ ᠣᠷᠣᠨ ᠢᠶᠠᠨ ᠰᠠᠬᠢᠨ ᠬᠠᠮᠠᠭᠠᠯᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号