ᠡᠵᠡᠨ᠎ᠡ ᠬᠤᠰᠢᠭᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠡᠩᠨᠡᠭᠡ ᠪᠥᠬᠦ ᠬᠦᠴᠦᠨ ᠢᠶᠠᠷ ᠡᠯᠡᠰᠦ ᠶᠢ ᠴᠡᠪᠡᠷᠯᠡᠵᠦ ᠵᠠᠮ ᠤᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/4/23
    ᠦᠷᠭᠦᠯᠵᠢᠯᠡᠭᠰᠡᠨ ᠶᠡᠭᠡ ᠰᠠᠯᠬᠢ ᠰᠢᠭᠤᠷᠭᠠᠨᠲᠤ ᠠᠭᠤᠷ ᠠᠮᠢᠰᠬᠤᠯ ᠠᠭᠠᠵᠢᠮ ᠢᠶᠠᠷ ᠨᠠᠮᠳᠠᠵᠤ᠂ 4 ᠰᠠᠷ᠎ᠠ ᠶᠢᠨ 17᠎ ᠤ ᠡᠳᠦᠷ᠂ ᠰᠠᠯᠬᠢᠨ ᠤ ᠬᠦᠴᠦ ᠠᠮᠤᠷ ᠲᠦᠪᠰᠢᠨ ᠠᠵᠢᠯᠯᠠᠬᠤ ᠬᠡᠪᠴᠢᠶ᠎ᠡ ᠳᠤ ᠬᠦᠷᠲᠡᠯ᠎ᠡ ᠪᠠᠭᠤᠷᠠᠮᠠᠭᠴᠠ᠂ ᠳᠠᠯᠠᠶᠢᠬᠦ᠋ᠪ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠡᠨᠡ ᠬᠦ ︽ᠴᠤᠩᠬᠤᠪᠴᠢ ᠶᠢᠨ ᠬᠤᠭᠤᠴᠠᠭ᠎ᠠ︾᠎ ᠶᠢ ᠪᠠᠷᠢᠨ ᠠᠳᠬᠤᠵᠤ᠂ G 331 ᠱᠤᠭᠤᠮ ᠤᠨ ᠬᠡᠰᠡᠭ ᠲᠤ ᠡᠯᠡᠰᠦ ᠶᠢ ᠪᠠᠴᠢᠮ ᠴᠡᠪᠡᠷᠯᠡᠬᠦ ᠠᠵᠢᠯ ᠥᠷᠨᠢᠭᠦᠯᠪᠡ᠂ ᠡᠭᠦᠨ ᠠᠴᠠ ᠡᠮᠦᠨ᠎ᠡ ᠲᠤᠰ ᠵᠠᠮ ᠤᠨ ᠬᠡᠰᠡᠭ ᠰᠠᠯᠬᠢ ᠰᠢᠭᠤᠷᠭ᠎ᠠ ᠠᠴᠠ ᠪᠤᠯᠵᠤ ᠤᠯᠠᠨ ᠭᠠᠵᠠᠷ ᠲᠤ ᠡᠯᠡᠰᠦ ᠬᠤᠷᠠᠵᠤ᠂ ᠬᠠᠮᠤᠭ ᠤᠨ ᠵᠤᠵᠠᠭᠠᠨ ᠭᠠᠵᠠᠷ ᠨᠢ 60 ᠰᠠᠨᠲ᠋ᠢᠮᠧᠲᠷ ᠲᠤ ᠬᠦᠷᠴᠦ᠂ ᠡᠨᠡ ᠬᠦ ᠡᠯᠡᠰᠦ ᠬᠤᠷᠠᠭᠰᠠᠨ ᠵᠠᠮ ᠬᠠᠷᠢᠯᠴᠠᠭᠠᠨ ᠤ ᠴᠢᠬᠤᠯᠠ ᠬᠡᠰᠡᠭ ᠢ ᠬᠠᠮᠤᠭ ᠲᠦᠷᠭᠡᠨ ᠢᠶᠠᠷ ᠴᠡᠪᠡᠷᠯᠡᠵᠦ ᠨᠡᠪᠲᠡᠷᠡᠭᠦᠯᠪᠡ᠃    ᠴᠠᠭ ᠠᠭᠤᠷ ᠤᠨ ᠰᠠᠯᠠᠭ᠎ᠠ ᠮᠥᠴᠢᠷ ᠠᠴᠠ ᠶᠡᠭᠡ ᠰᠠᠯᠬᠢᠨ ᠤ ᠰᠡᠷᠡᠮᠵᠢ ᠶᠢᠨ ᠳᠣᠬᠢᠶ᠎ᠠ ᠨᠡᠶᠢᠲᠡᠯᠡᠬᠦ ᠦᠶ᠎ᠡ ᠳᠤ᠂ ᠠᠵᠢᠯ ᠤᠨ ᠲᠣᠭᠤᠷᠢᠭ ᠨᠢ ᠨᠢᠭᠡᠨᠲᠡ ᠠᠵᠢᠯ ᠤᠨ ᠪᠡᠯᠡᠳᠬᠡᠯ ᠤᠨ ᠪᠠᠶᠢᠳᠠᠯ ᠳᠠᠭᠠᠨ ᠣᠷᠣᠵᠤ᠂ ᠡᠯᠡᠰᠦ ᠴᠡᠪᠡᠷᠯᠡᠬᠦ ᠮᠠᠰᠢᠨ ᠢᠶᠠᠨ ᠤᠷᠢᠳᠴᠢᠯᠠᠨ ᠪᠠᠶᠢᠴᠠᠭᠠᠨ ᠰᠡᠯᠪᠢᠨ᠎ᠡ᠃ 17᠎ ᠤ ᠡᠳᠦᠷ ᠤᠨ ᠦᠳᠡ ᠶᠢᠨ ᠬᠤᠶᠢᠨ᠎ᠠ᠂ ᠰᠠᠯᠬᠢᠨ ᠤ ᠬᠤᠷᠳᠤᠴᠠ ᠶᠢᠨ ᠬᠢᠨᠠᠨ ᠬᠡᠮᠵᠢᠯᠲᠡ ᠳᠤ᠂ ᠰᠠᠯᠬᠢᠨ ᠤ ᠬᠦᠴᠦ ᠪᠠᠭᠤᠷᠠᠬᠤ ᠶᠢ ᠳᠠᠭᠠᠯᠳᠤᠨ᠂ ᠣᠯᠠᠨ ᠠᠷᠠᠴᠢᠯᠠᠨ ᠬᠠᠮᠠᠭᠠᠯᠠᠬᠤ ᠭᠤᠤᠯ ᠬᠦᠴᠦᠨ ᠢᠶᠠᠷ ᠪᠦᠷᠢᠯᠳᠦᠭᠰᠡᠨ ᠡᠯᠡᠰᠦ ᠴᠡᠪᠡᠷᠯᠡᠬᠦ ᠡᠩᠨᠡᠭᠡ ᠳᠠᠷᠦ᠋ᠢᠬᠠᠨ ᠮᠣᠷᠳᠠᠵᠤ᠂ ᠠᠷᠠᠴᠢᠯᠠᠨ ᠬᠠᠮᠢᠶᠠᠷᠠᠬᠤ 331 ᠰᠤᠭᠤᠮ ᠤᠨ 218 ᠺᠢᠯᠣᠮᠧᠲᠷ ᠤᠨ ᠵᠠᠮ ᠳᠤ ᠠᠵᠢᠯ ᠢᠶᠠᠨ ᠡᠬᠢᠯᠡᠭᠦᠯᠦᠨ᠎ᠡ᠃ ᠭᠤᠤᠯᠳᠠᠯᠭ᠎ᠠ ᠲᠠᠢ ᠡᠯᠡᠰᠦᠨ ᠳᠤ ᠬᠠᠰᠢᠭᠳᠠᠭᠰᠠᠨ ᠵᠠᠮ ᠤᠨ ᠬᠡᠰᠡᠭ ᠲᠤ᠂ ᠴᠠᠭᠳᠠᠨ ᠪᠠᠶᠢᠴᠠᠭᠠᠬᠤ ᠠᠵᠢᠯᠲᠠᠨ ᠶᠡᠭᠡ ᠬᠡᠮᠵᠢᠶᠡᠨ ᠤ ᠨᠡᠭᠦᠳᠡᠯ ᠡᠯᠡᠰᠦ ᠨᠢᠭᠡᠨᠲᠡ ᠬᠠᠭᠠᠰ ᠵᠠᠮ ᠢ ᠪᠦᠷᠬᠦᠵᠦ᠂ ᠬᠡᠰᠡᠭ ᠭᠠᠵᠠᠷ ᠣᠷᠣᠨ ᠳᠤ ᠡᠯᠡᠰᠦ ᠣᠪᠣᠭᠠᠷᠠᠭᠰᠠᠨ ᠠᠴᠠ ᠪᠣᠯᠵᠣ ᠪᠠᠭ᠎ᠠ ᠬᠡᠯᠪᠡᠷᠢ ᠶᠢᠨ ᠡᠯᠡᠰᠦᠨ ᠳᠣᠪᠤ ᠪᠣᠯᠵᠣ᠂ ᠲᠡᠷᠭᠡ ᠨᠡᠪᠲᠡᠷᠡᠬᠦ ᠳᠤ ᠠᠮᠠᠷᠬᠠᠨ ᠬᠠᠯᠲᠤᠷᠢᠵᠤ ᠬᠥᠷᠪᠡᠬᠦ ᠪᠠᠶᠢᠳᠠᠯ ᠲᠠᠢ ᠪᠣᠯᠵᠠᠢ᠃    ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠤᠨ ᠬᠦᠷᠴᠢᠭᠢᠨᠡᠬᠦ ᠳᠠᠭᠤᠨ ᠪᠠ ᠬᠦᠷᠵᠡ ᠵᠠᠮ ᠤᠨ ᠭᠠᠳᠠᠷᠭᠤ ᠶᠢ ᠮᠥᠷᠭᠦᠬᠦ ᠳᠠᠭᠤᠨ ᠲᠠᠢ ᠰᠣᠯᠪᠢᠴᠠᠨ ᠲᠤᠤᠭᠠᠷᠤᠨ᠎ᠠ᠃ ᠬᠤᠰᠤᠭᠤᠷ ᠮᠠᠰᠢᠨ ᠡᠯᠡᠰᠦ ᠶᠢ ᠵᠠᠮ ᠤᠨ ᠬᠠᠵᠠᠭᠤ ᠲᠡᠶᠢᠰᠢ ᠬᠦᠴᠦᠲᠡᠶ ᠤᠷᠪᠠᠭᠤᠯᠵᠤ᠂ ᠠᠷᠠᠴᠢᠯᠠᠨ ᠬᠠᠮᠠᠭᠠᠯᠠᠬᠤ ᠠᠵᠢᠯᠲᠠᠨ ᠮᠧᠬᠠᠨᠢᠭ ᠢ ᠰᠠᠯᠤᠯ ᠥᠬᠡᠶ ᠲᠠᠭᠠᠨ᠂ ᠲᠡᠮᠦᠷ ᠬᠦᠷᠵᠡ᠂ ᠱᠦᠭᠦᠷ ᠵᠡᠷᠭᠡ ᠪᠠᠭᠠᠵᠢ ᠪᠠᠨ ᠠᠳᠬᠤᠵᠤ᠂ ᠪᠡᠶ᠎ᠡ ᠪᠥᠬᠦ᠋ᠢᠨ ᠥᠨᠴᠥᠭ ᠪᠤᠯᠤᠩ ᠢ ᠦᠯᠡᠳᠡᠭᠡᠯ ᠦᠭᠡᠢ ᠴᠡᠪᠡᠷᠯᠡᠨ᠎ᠡ᠃ ᠪᠦᠷᠢᠳᠬᠡᠯ ᠢ ᠦᠨᠳᠦᠰᠦᠯᠡᠪᠡᠯ᠂ ᠲᠤᠰ ᠡᠳᠦᠷ ᠡᠯ᠎ᠡ ᠲᠦᠷᠦᠯ ᠤᠨ 10 ᠰᠠᠤᠷᠢ ᠮᠠᠰᠢᠨ ᠮᠧᠬᠠᠨᠢᠭ ᠤᠨ ᠠᠩᠬᠢ ᠣᠷᠣᠭᠤᠯᠵᠤ᠂ 2000 ᠭᠠᠷᠤᠢ ᠪᠣᠰᠤᠭ᠎ᠠ ᠳᠥᠷᠪᠡᠯᠵᠢᠨ  ᠬᠤᠷᠠᠭᠰᠠᠨ ᠡᠯᠡᠰᠦ ᠶᠢ ᠴᠡᠪᠡᠷᠯᠡᠵᠡᠢ᠃    ᠳᠠᠯᠠᠶᠢᠬᠦ᠋ᠪ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠤᠨ ᠳᠡᠳ᠋ ᠡᠷᠬᠢᠯᠡᠭᠴᠢ  ᠰᠤᠤ ᠸᠧᠨ ᠵᠢᠶᠦ᠋ᠨ᠄ ︽ᠮᠠᠨ ᠤ ᠪᠠᠷᠢᠯᠭ᠎ᠠ ᠶᠢᠨ ᠲᠣᠭᠤᠷᠢᠭ ᠤᠨ ᠠᠷᠠᠴᠢᠯᠠᠨ ᠬᠠᠮᠠᠭᠠᠯᠠᠬᠤ 218 ᠺᠢᠯᠣᠮᠧᠲᠷ ᠤᠨ ᠤᠯᠤᠰ ᠤᠨ ᠵᠠᠮ ᠤᠨ 331 ᠱᠤᠭᠤᠮ ᠤᠨ ᠬᠡᠰᠡᠭ ᠵᠠᠮ ᠲᠤ ᠶᠡᠭᠡ ᠬᠡᠮᠵᠢᠶᠠᠨ ᠤ ᠡᠯᠡᠰᠦ ᠬᠤᠷᠠᠭᠰᠠᠨ ᠢ ᠠᠵᠢᠯ ᠤᠨ ᠲᠣᠭᠤᠷᠢᠭ ᠤᠨ ᠠᠷᠠᠴᠢᠯᠠᠨ ᠬᠠᠮᠠᠭᠠᠯᠠᠬᠤ ᠠᠵᠢᠯᠲᠠᠳ ᠡᠳᠦᠷ ᠪᠦᠷᠢ ᠶᠢᠨ ᠲᠣᠭᠤᠷᠢᠨ ᠪᠠᠶᠢᠴᠠᠭᠠᠯᠲᠠ ᠳᠣᠮᠳᠠ ᠪᠠᠨ ᠣᠯᠵᠤ ᠮᠡᠳᠡᠵᠡᠢ᠃ ᠳᠡᠭᠡᠭᠡᠳ ᠪᠢᠳᠠ ᠨᠠᠷ ᠲᠡᠷᠡ ᠳᠠᠷᠤᠢ ᠲᠤᠨᠢ ᠠᠬᠤᠢ ᠳᠠᠯᠠᠪᠠᠢ ᠳᠤ ᠬᠦᠷᠴᠦ᠂ ᠬᠥᠮᠦᠨ ᠤ ᠬᠦᠴᠦ ᠪᠣᠯᠤᠨ ᠮᠠᠰᠢᠨ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠯᠡᠰᠤ ᠶᠢ ᠠᠷᠢᠯᠭᠠᠬᠤ ᠠᠵᠢᠯ ᠢ ᠬᠢᠭᠰᠡᠨ ᠪᠠᠶᠢᠨ᠎ᠠ᠃ ᠬᠤᠶᠢᠰᠢᠲᠠ ᠪᠢᠳᠡ ᠡᠨᠡ ᠬᠦ ᠠᠵᠢᠯ ᠢ ᠤᠯᠠᠮ ᠨᠢᠭᠡ ᠠᠯᠬᠤᠮ ᠰᠠᠶᠢᠳᠤᠷ  ᠬᠢᠵᠦ᠂ ᠡ᠊ᠨᠳᠡ ᠠᠴᠠ ᠪᠠᠰᠠ ᠥᠷᠭᠡᠨ ᠣᠯᠠᠨ ᠵᠢᠯᠣᠭᠤᠴᠢ ᠨᠠᠷ ᠮᠠᠨ ᠤ ᠠᠵᠢᠯ ᠢ ᠢᠯᠡᠭᠦᠤ ᠣᠶᠢᠯᠠᠭᠠᠬᠤ ᠶᠢ ᠬᠦᠰᠡᠵᠦ ᠪᠠᠶᠢᠨ᠎ᠠ᠂ ᠠᠵᠢᠯᠯᠠᠬᠤ ᠬᠤᠭᠤᠴᠠᠭᠠᠨ ᠳᠤ ᠪᠢᠳᠡᠨ ᠳᠤ ᠢᠯᠡᠭᠦᠬᠡᠨ ᠳᠡᠮᠵᠢᠯᠭᠡ ᠦᠵᠡᠭᠦᠯᠵᠦ᠂  ᠲᠠ ᠨᠠᠷ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠳᠤ ᠪᠥᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号