ᠬᠤᠪᠢᠯᠭᠠᠨ ᠵᠠᠪᠢ ᠬᠤᠷᠢᠳᠤᠭᠠᠷ ᠨᠣᠮᠧᠷᠲᠦ ᠰᠠᠨᠰᠠᠷᠴᠢᠨ‌ᠮᠠᠷᠭᠠᠰᠢ ᠮᠤᠷᠳᠠᠬᠤ ᠪᠠᠷ ᠪᠤᠢ
ᠨᠡᠶᠢᠲᠡᠯᠡᠭᠰᠡᠨ ᠴᠠᠭ᠄
2025/4/23
    ᠬᠤᠪᠢᠯᠭᠠᠨ ᠵᠠᠪᠢ ᠬᠤᠷᠢᠳᠤᠭᠠᠷ ᠬᠥᠮᠦᠨ ᠠᠴᠢᠭᠰᠠᠨ ᠨᠢᠰᠬᠦ ᠡᠭᠦᠷᠭᠡ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ᠂ ᠥᠨᠥᠳᠦᠷ᠂ ᠵᠢᠦ ᠴᠢᠦᠸᠡᠠ ᠳᠠᠭᠠᠭᠤᠯᠢ ᠣᠳᠣ ᠬᠠᠷᠪᠤᠬᠤ ᠲᠥᠪ ᠲᠤ ᠬᠤᠷᠠᠯᠳᠤᠵᠠᠶ᠃ ᠥᠭᠦᠯᠡᠭᠴᠢ ᠶᠢᠨ ᠲᠠᠨᠢᠯᠴᠠᠭᠤᠯᠤᠭᠰᠠᠨ ᠢᠶᠠᠷ᠂ ᠡᠭᠦᠷᠭᠡ ᠶᠢᠨ ᠶᠡᠷᠦᠩᠬᠡᠶ ᠵᠢᠯᠣᠭᠤᠳᠬᠤ ᠭᠠᠵᠠᠷ᠂ ᠪᠡᠭᠡᠵᠢᠩ ᠤᠨ ᠴᠠᠭ ᠢᠶᠠᠷ 4 ᠰᠠᠷ᠎ᠠ ᠶᠢᠨ 24᠎ ᠤ ᠡᠳᠦᠷ ᠤᠨ 17 ᠴᠠᠭ 17 ᠮᠢᠨᠦ᠋ᠲ ᠲᠤ ᠬᠤᠪᠢᠯᠭᠠᠨ ᠵᠠᠪᠢ ᠬᠤᠷᠢᠳᠤᠭᠠᠷ ᠬᠥᠮᠦᠨ ᠠᠴᠢᠭᠰᠠᠨ ᠨᠢᠰᠬᠦ ᠣᠩᠭᠤᠴᠠ ᠶᠢ ᠬᠠᠷᠪᠤᠬᠤ ᠪᠠᠷ ᠲᠣᠭᠲᠠᠵᠠᠶ᠃ ᠳᠤᠮᠳᠠᠳᠤ ᠤᠯᠤᠰ ᠤᠨ ᠬᠥᠮᠦᠨ ᠠᠴᠢᠶᠠᠯᠠᠭᠰᠠᠨ ᠰᠠᠨᠰᠠᠷ ᠤᠨ ᠢᠨᠵᠧᠨᠧᠷᠢᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ ᠣᠭᠲᠠᠷᠭᠤᠶ ᠶᠢᠨ ᠥᠷᠲᠡᠭᠡ ᠶᠢᠨ ᠬᠡᠷᠡᠭᠯᠡᠯᠲᠡ ᠬᠢᠭᠡᠳ ᠬᠥᠭᠵᠢᠯᠲᠡ ᠶᠢᠨ ᠱᠠᠲᠤ ᠦᠶ᠎ᠡ ᠶᠢᠨ ᠨᠢᠰᠦᠯᠲᠡ ᠶᠢᠨ ᠡᠭᠦᠷᠭᠡ ᠶᠢᠨ ᠶᠡᠷᠦᠩᠬᠡᠶ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠭᠠᠳ᠂ ᠬᠤᠪᠢᠯᠭᠠᠨ ᠣᠩᠭᠤᠴᠠ ᠬᠤᠷᠢᠳᠤᠭᠠᠷ ᠬᠥᠮᠦᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠬᠡᠷᠡᠭᠵᠢᠭᠦᠯᠬᠦ ᠰᠠᠨᠰᠠᠷᠴᠢᠨ ᠴᠧᠨ ᠳ᠋ᠦᠩ᠂ ᠴᠧᠨ ᠵᠥᠩ ᠷᠦᠢ᠂ ᠸᠠᠩ ᠵᠢᠶᠧ 3 ᠰᠠᠨᠰᠠᠷᠴᠢᠨ ᠢᠶᠠᠷ ᠪᠦᠷᠢᠯᠳᠦᠵᠦ᠂ ᠴᠧᠨ ᠳ᠋ᠦᠩ ᠵᠠᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠴᠧᠨ ᠵᠦᠩ ᠷᠦᠢ᠂ ᠸᠠᠩ ᠵᠢᠶᠧ ᠪᠦᠷ ᠭᠤᠷᠪᠠᠳᠤᠭᠠᠷ ᠪᠦᠯᠦᠭ ᠤᠨ ᠰᠠᠨᠰᠠᠷᠴᠢᠨ ᠪᠣᠯᠵᠤ᠂ ᠠᠩᠬᠠᠨ ᠤ ᠨᠢᠰᠦᠯᠭᠡ ᠡᠬᠢᠯᠡᠬᠦ ᠭᠡᠵᠦ ᠪᠠᠢᠨ᠎ᠠ᠃ ᠥᠨᠦᠲᠦᠷ 23᠎ ᠤ ᠡᠳᠦᠷ᠂ 3 ᠰᠠᠨᠰᠠᠷᠴᠢᠨ ᠵᠢᠤᠴᠢᠤᠸᠠᠨ ᠤ ᠲᠠᠭᠠᠭᠤᠯᠢ ᠤᠲᠤᠨ ᠬᠠᠷᠪᠤᠬᠤ ᠳᠦᠪ ᠲᠤ ᠳᠤᠮᠲᠠᠲᠦ ᠭᠠᠲᠠᠭᠠᠲᠦ ᠶᠢᠨ ᠵᠠᠭᠤᠴᠢᠯᠠᠭᠤᠷ ᠤᠳ ᠤᠨ ᠰᠤᠷᠪᠤᠯᠵᠢᠯᠠᠭᠴᠢᠳ ᠲᠠᠢ ᠬᠠᠮᠲᠦ ᠪᠠᠷ ᠠᠭᠤᠯᠵᠠᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号