3 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠨᠠᠮ ᠤᠨ ᠠᠵᠢᠯᠯᠠᠬᠤ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠲᠠᠢ ᠬᠠᠮᠲᠤᠷᠠᠨ ︽ᠳᠤᠮᠳᠠᠳᠤ ᠶᠢᠨ ᠬᠦᠰᠡᠯ᠂ ᠬᠥᠳᠡᠯᠮᠦᠷᠢ ᠰᠠᠶᠢᠬᠠᠨ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠤᠮᠠᠷᠠᠲᠤ ᠬᠢᠯᠢ ᠶᠢᠨ ᠥᠯᠢᠭᠡᠷ ᠢ ᠰᠠᠶᠢᠲᠤᠷ ᠶᠠᠷᠢᠬᠤ︾ ᠪᠥᠬᠦ | ᠬᠤᠰᠢᠭᠤᠨ ᠤ ᠠᠵᠢᠯᠲᠠᠨ ᠠᠵᠢᠯᠴᠢᠨ ᠤ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠭᠢᠯᠡᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ | ᠡᠪᠯᠡᠯ ᠤᠨ ᠲᠡᠷᠢᠬᠦᠯᠡᠭᠴᠢ ᠳ᠋ᠤᠸᠠᠨ ᠶᠢᠨ ᠸᠧᠨ ᠠᠵᠢᠯᠯᠠᠭ᠎ᠠ ᠳᠤ ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠳ ᠲᠤ | ᠱᠠᠩᠨᠠᠯ ᠭᠠᠷᠳᠠᠭᠤᠯᠪᠠ᠃ | ᠤᠷᠤᠯᠳᠤᠭᠠᠨ ᠤ ᠠᠬᠤᠶ ᠲᠠᠯᠠᠪᠠᠶ ᠳᠤ᠂ ᠤᠷᠤᠯᠴᠠᠭᠴᠠᠳ ᠭᠤᠤᠯ ᠰᠡᠳᠦᠪ ᠤᠨ ᠲᠣᠭᠤᠷᠢᠨ ᠳᠤ᠂ ᠲᠣᠰ | ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠪᠣᠯᠤᠨ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ᠂ | ᠳᠡᠷᠭᠡᠳᠡᠬᠢ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠵᠤ᠂ ᠠᠮᠢᠳᠤᠯᠢᠭ ᠥᠯᠢᠭᠡᠷ | ᠵᠢᠱᠢᠶ᠎ᠡ ᠪᠣᠯᠤᠨ ᠤᠷᠠᠨ ᠦᠭᠡ ᠬᠡᠯᠡ ᠪᠠᠷ ᠬᠥᠳᠡᠯᠮᠦᠷᠢ ᠶᠢᠨ ᠵᠢᠱᠢᠶᠡᠴᠢ ᠶᠢᠨ ᠲᠡᠮᠡᠴᠡᠯ ᠤᠨ ᠬᠥᠷᠥᠭ᠂ ᠤᠮᠠᠷᠠᠲᠤ | ᠬᠢᠯᠢ ᠶᠢᠨ ᠬᠥᠭᠵᠢᠯᠲᠡ ᠶᠢᠨ ᠴᠠᠭ ᠦᠶ᠎ᠡ ᠶᠢᠨ ᠵᠢᠷᠤᠭ ᠢ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠠᠶ ᠶᠢᠨ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃ ᠰᠢᠯᠭᠠᠷᠠᠭᠤᠯᠬᠤ ᠺᠣᠮᠢᠰ ᠤᠨ ᠴᠢᠩᠭ᠎ᠠ ᠬᠢᠨᠠᠨ | ᠲᠣᠭᠲᠠᠭᠠᠯᠲᠠ ᠪᠠᠷ ᠳᠠᠮᠵᠢᠨ᠂ ᠬᠠᠮᠤᠭ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ᠂ | ᠰᠢᠯᠢᠳᠡᠭ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠪᠠ᠃ | ᠨᠢᠭᠡᠳᠦᠭᠡᠷ ᠳᠡᠰ ᠤᠨ ᠱᠠᠩᠨᠠᠯ ᠬᠦᠷᠲᠡᠭᠴᠢ ᠯᠢᠦ ᠬᠤᠸᠠᠨ᠄ ︽ᠡᠨᠡ ᠤᠳᠠᠭ᠎ᠠ ᠱᠠᠩᠨᠠᠯ ᠣᠯᠤᠭᠰᠠᠨ ᠨᠢ | ᠨᠠᠳᠠ ᠳᠤ ᠥᠪᠡᠷ ᠢ ᠪᠠᠨ ᠰᠣᠷᠢᠬᠤ ᠵᠠᠪᠰᠢᠶᠠᠨ ᠣᠯᠭᠤᠭᠰᠠᠨ ᠮᠥᠷᠲᠡᠭᠡᠨ ᠪᠠᠰᠠ ᠡᠨᠡ ᠲᠠᠪᠴᠠᠩ ᠢ ᠠᠰᠢᠭᠯᠠᠵᠤ᠂ | ᠣᠯᠠᠨ ᠳᠤ ᠪᠢᠳᠡᠨ ᠤ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠡᠩᠨᠡᠭᠡ ᠶᠢ ᠨᠠᠩ ᠰᠠᠶᠢᠨ | ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠬᠤᠶᠢᠰᠢᠳᠠ ᠡᠶᠢᠮᠦ ᠲᠣᠬᠢᠶᠠᠯ ᠪᠠᠶᠢᠪᠠᠯ ᠪᠢ ᠪᠠᠰᠠ ᠢᠳᠡᠪᠬᠢᠲᠡᠶ | ᠣᠷᠣᠯᠴᠠᠵᠤ᠂ ᠣᠯᠠᠨ ᠳᠤ ᠮᠠᠨ ᠤ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠰᠢᠰᠲ᠋ᠧᠮ ᠤᠨ | ᠳᠣᠲᠣᠭᠠᠳᠤ ᠶᠢᠨ ᠬᠥᠳᠡᠯᠮᠦᠷᠢ ᠶᠢᠨ ᠵᠢᠱᠢᠶᠡᠴᠢ ᠶᠢ ᠢᠯᠡᠭᠦᠬᠡᠨ ᠤᠬᠠᠭᠤᠯᠬᠤ ᠪᠣᠯᠤᠨ᠎ᠠ︾ ᠭᠡᠪᠡ᠃ | ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠢᠳᠡᠪᠬᠢᠲᠡᠶ ᠥᠭᠡᠳᠡᠯᠡᠨ ᠳᠠᠪᠰᠢᠬᠤ᠂ | ᠵᠣᠷᠢᠭᠲᠠᠶ ᠪᠠᠷ ᠰᠢᠨ᠎ᠡ ᠶᠢ ᠡᠭᠦᠳᠬᠦ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠠᠵᠢᠯᠲᠠᠨ ᠠᠵᠢᠯᠴᠢᠨ ᠤ ᠣᠶᠤᠨ | ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠢᠯᠡᠷᠡᠭᠦᠯᠵᠦ᠂ ᠪᠥᠬᠦ ᠬᠤᠰᠢᠭᠤᠨ ᠤ ᠺᠠᠳ᠋ᠷ ᠠᠵᠢᠯᠲᠠᠨ ᠥᠪᠡᠷ | ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠬᠤ ᠶᠢ | ᠵᠣᠷᠢᠭᠵᠢᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ | ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠬᠤᠷᠢᠶᠠᠨ ᠤ ᠳᠡᠳ᠋ ᠲᠡᠷᠢᠭᠦᠯᠡᠭᠴᠢ ᠯᠢᠦ | ᠵᠢᠶᠦ᠋ᠨ᠄ ︽ᠲᠣᠰ ᠤᠳᠠᠭᠠᠨ ᠤ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠶᠠᠷᠢᠶ᠎ᠠ ᠢᠯᠡᠳᠬᠡᠯ ᠤᠨ | ᠤᠷᠤᠯᠳᠤᠭᠠᠨ ᠳᠤ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠠᠵᠢᠯᠲᠠᠨ ᠠᠵᠢᠯᠴᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠤᠭᠰᠠᠨ ᠣᠯᠤᠯᠲᠠ ᠲᠥᠷᠥᠭᠳᠡᠯ ᠢᠶᠠᠨ ᠶᠠᠷᠢᠵᠤ᠂ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠥᠪᠥᠷ | ᠮᠣᠩᠭᠤᠯ ᠢ ᠪᠥᠲᠥᠭᠡᠨ ᠪᠠᠶᠢᠭᠤᠯᠬᠤ ᠠᠬᠢᠴᠠ ᠳᠠᠬᠢ ᠠᠮᠢᠳᠤᠯᠢᠭ ᠥᠯᠢᠭᠡᠷ ᠪᠣᠯᠤᠨ ᠯᠤᠲᠤ ᠶᠡᠭᠡ ᠠᠮᠵᠢᠯᠲᠠ | ᠪᠦᠲᠦᠮᠵᠢ ᠶᠢ ᠶᠠᠷᠢᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ | ᠰᠠᠭᠤᠷᠢ ᠶᠢ ᠪᠠᠬᠢᠵᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠳᠠᠬᠢ ᠠᠭᠤᠤ ᠶᠡᠭᠡ ᠦᠢᠯᠡᠳᠦᠯᠭᠡ ᠳᠤ ᠣᠷᠣᠯᠴᠠᠬᠤ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠰᠠᠶᠢᠨ ᠰᠠᠶᠢᠬᠠᠨ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠪᠡ︾ ᠭᠡᠪᠡ᠃ |