4 ᠰᠠᠷ᠎ᠠ ᠶᠢᠨ 27 ᠤ ᠡᠳᠤᠷ᠂ ᠡᠵᠡᠨ᠎ᠡ ᠨᠤᠳᠤᠭ ᠲᠤ ᠨᠠᠷᠠ ᠨᠠᠯᠠᠶᠢᠵᠦ ᠲᠡᠭᠷᠢ ᠴᠡᠯᠮᠡᠭᠰᠢᠨ᠂ ᠨᠠᠭᠠᠳᠤᠮᠴᠢᠳ | ᠪᠠᠶᠠᠰᠴᠤ ᠲᠡᠮᠡᠭᠡᠳ ᠪᠤᠶᠢᠯᠠᠯᠳᠤᠭᠰᠠᠨ ᠦᠯᠵᠡᠶᠢᠳᠡᠢ ᠰᠠᠶᠢᠬᠠᠨ ᠡᠳᠤᠷ ᠪᠤᠯᠤᠯ᠎ᠠ᠃ ᠡᠵᠡᠨ᠎ᠡ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ 2025 ᠤᠨ ᠤ ︽ᠬᠠᠨ ᠲᠡᠭᠷᠢ ᠶᠢᠨ ᠲᠠᠯᠠᠯᠭ᠎ᠠ | ᠮᠢᠩᠭᠠᠨ ᠪᠤᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠬᠤᠰᠢᠭᠤᠨ ᠤ ᠲᠡᠮᠡᠭᠡᠨ | ᠨᠠᠶᠢᠷ ᠤᠨ ᠲᠠᠯᠠᠪᠠᠢ ᠳᠤ ᠦᠪᠡᠳᠡᠭᠰᠢ ᠶᠡᠬᠡᠪᠡᠷ ᠡᠬᠢᠯᠡᠵᠤ᠂ ᠬᠤᠷᠠᠭᠰᠠᠨ ᠤᠯᠠᠨ ᠢᠶᠠᠨ ᠪᠠᠶᠠᠰᠬᠠᠭᠰᠠᠨ ᠨᠢᠵᠢᠭᠢᠷ | ᠴᠤᠭᠯᠠᠭᠠᠨ ᠪᠤᠯᠵᠤ ᠪᠢᠯᠡ᠃ | ᠦᠳᠡ ᠶᠢᠨ ᠡᠮᠦᠨᠡᠬᠢ ᠶᠢᠰᠦᠨ ᠴᠠᠭ ᠲᠤ᠂ ︽ᠬᠠᠨ ᠲᠡᠭᠷᠢ ᠠᠯᠠᠱᠠ︾ ︽ᠦᠵᠡᠰᠬᠦᠯᠡᠩᠲᠦ ᠰᠠᠶᠢᠬᠠᠨ | ᠡᠵᠡᠨ᠎ᠡ︾ ᠭᠡᠬᠦ ᠳᠠᠭᠤᠤ ᠶᠢᠨ ᠳᠤᠮᠳᠠ᠂ 2025 ᠣᠨ ᠤ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ | ᠬᠡᠰᠢᠭ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠵᠦ᠂ | ᠤᠯᠤᠰ ᠤᠨ ᠲᠤᠭ ᠤᠨ ᠶᠣᠰᠣᠯᠠᠯ ᠤᠨ ᠠᠩᠭᠢ᠂ ᠺᠠᠳ᠋ᠷ ᠠᠵᠢᠯᠲᠠᠨ ᠤ ᠵᠢᠭᠰᠠᠭᠠᠯ᠂ ᠪᠥᠬᠡᠴᠢᠨ᠂ ᠰᠤᠷ | ᠬᠠᠷᠪᠤᠭᠠᠴᠢᠨ ᠤ ᠵᠢᠭᠰᠠᠭᠠᠯ᠂ ᠮᠣᠲ᠋ᠣᠷᠲᠤ ᠲᠡᠷᠭᠡᠴᠢᠨ ᠤ ᠵᠢᠭᠰᠠᠭᠠᠯ᠂ ᠮᠣᠷᠢᠲᠠᠨ ᠤ ᠵᠢᠭᠰᠠᠭᠠᠯ᠂ ᠲᠡᠮᠡᠭᠡᠴᠢᠨ ᠤ | ᠵᠢᠭᠰᠠᠭᠠᠯ᠂ ᠪᠣᠲᠣᠭᠤᠨ ᠠᠩᠭᠢ ᠶᠢᠨ ᠵᠢᠭᠰᠠᠭᠠᠯ᠂ ᠠᠶᠠᠨᠴᠢᠨ ᠤ ᠵᠢᠭᠰᠠᠭᠠᠯ᠂ ᠳᠤᠮᠳᠠᠳᠤ ᠮᠣᠩᠭᠤᠯ ᠤᠨ ᠬᠢᠯᠢ | ᠠᠯᠤᠰᠯᠠᠭᠰᠠᠨ ᠵᠢᠭᠤᠯᠴᠢᠯᠠᠯ ᠤᠨ ᠲᠡᠷᠭᠡᠴᠢᠨ ᠤ ᠵᠢᠭᠰᠠᠭᠠᠯ ᠳᠡᠰ ᠳᠠᠷᠠᠭᠠᠯᠠᠨ ᠲᠠᠯᠠᠪᠠᠢ ᠳᠤ ᠣᠷᠣᠵᠤ ᠤᠯᠤᠰ ᠤᠨ | ᠲᠤᠳᠤᠨ᠎ᠠ ᠭᠠᠳᠠᠨ᠎ᠠ ᠠᠴᠠ ᠬᠦᠷᠦᠯᠴᠡᠨ ᠢᠷᠡᠭᠰᠡᠨ ᠵᠢᠭᠤᠯᠴᠢᠳ ᠤᠨ ᠠᠩᠬᠠᠷᠤᠯ ᠢ ᠲᠠᠳᠠᠯ᠎ᠠ᠃ | ᠲᠠᠯᠠᠪᠠᠶ ᠳᠤ ᠣᠷᠣᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠤᠨ ᠲᠠᠯᠠᠪᠠᠶ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠤᠤ︾ ᠶᠢ ᠬᠥᠭᠵᠢᠮᠳᠡᠨ ᠳᠠᠭᠤᠯᠠᠵᠤ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ ᠢ ᠮᠠᠨᠳᠤᠭᠤᠯᠪᠠ᠃ | ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ | ᠠᠵᠤ ᠠᠬᠤᠢ ᠶᠢᠨ ᠨᠡᠬᠡᠬᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠬᠡ ᠵᠣᠴᠢᠳ ᠲᠤ | ᠪᠠᠶᠠᠷ ᠤᠨ ᠦᠭᠡ ᠬᠡᠯᠡᠭᠰᠡᠨ ᠪᠥᠭᠡᠳ ᠡᠵᠡᠨ᠎ᠡ ᠬᠤᠰᠢᠭᠤᠨ ᠤ 2025 ᠣᠨ ᠤ ︽ᠬᠠᠨ ᠲᠡᠭᠷᠢ ᠶᠢᠨ ᠲᠠᠯᠠᠯᠭ᠎ᠠ | ᠮᠢᠩᠭᠠᠨ ᠪᠤᠳᠤᠭᠤ ᠶᠢᠨ ᠬᠡᠰᠢᠭ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠭ᠎ᠠ ᠵᠢᠩᠬᠢᠨᠢ ᠪᠠᠷ ᠡᠬᠢᠯᠡᠭᠰᠡᠨ ᠢ | ᠵᠠᠷᠯᠠᠪᠠ᠃ | ᠮᠣᠩᠭᠤᠯ ᠤᠯᠤᠰ ᠤᠨ ᠡᠮᠦᠨ᠎ᠡ ᠭᠤᠪᠢ ᠠᠶᠢᠮᠠᠭ ᠤᠨ ᠵᠠᠰᠠᠭ ᠤᠨ ᠣᠷᠳᠣᠨ᠂ ᠭᠠᠨᠰᠦ ᠮᠤᠵᠢ ᠶᠢᠨ ᠵᠢᠦᠴᠢᠦᠸᠠᠨ | ᠬᠤᠲᠠ᠂ ᠪᠠᠶᠠᠠᠨᠠᠭᠤᠷ ᠬᠤᠲᠠ᠂ ᠠᠯᠠᠱᠠ ᠠᠶᠢᠮᠠᠭ᠂ ᠵᠢᠨᠲ᠋ᠠ ᠰᠢᠶᠠᠨ᠂ ᠰᠦᠪᠸᠢ ᠰᠢᠶᠠᠨ ᠵᠡᠷᠭᠡ ᠬᠥᠷᠰᠢ | ᠵᠡᠷᠭᠡᠯᠡᠳᠡᠭᠡ ᠭᠠᠵᠠᠷ ᠣᠷᠣᠨ ᠠᠴᠠ ᠢᠷᠡᠭᠰᠡᠨ ᠬᠠᠮᠢᠶ᠎ᠠ ᠪᠥᠬᠦᠶ ᠰᠠᠯᠠᠭ᠎ᠠ ᠮᠥᠴᠢᠷ᠂ ᠨᠡᠶᠢᠭᠡᠮᠯᠢᠭ ᠵᠢᠴᠢ ᠠᠵᠤ | ᠠᠬᠤᠶᠢᠯᠠᠯ ᠤᠨ ᠵᠠᠭᠤ ᠭᠠᠷᠤᠶ ᠵᠣᠴᠢᠳ ᠤᠷᠢᠯᠭ᠎ᠠ ᠪᠠᠷ ᠡᠬᠢᠯᠡᠯᠲᠡ ᠶᠢᠨ ᠶᠣᠰᠣᠯᠠᠯ ᠳᠤ ᠤᠷᠤᠯᠴᠠᠪᠠ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠬᠤᠰᠢᠭᠤᠨ ᠤ ᠤᠯᠠᠭᠠᠨᠮᠥ᠋ᠴᠢᠷ᠂ ᠡᠯ᠎ᠡ ᠨᠡᠶᠢᠭᠡᠮᠯᠢᠭ ᠵᠢᠴᠢ | ᠳᠠᠭᠤᠴᠢᠨ ᠪᠠᠶᠠᠨᠮᠥ᠋ᠩᠬᠡ ᠶᠢᠨ ᠬᠠᠮᠲᠤᠯᠢᠭ ᠭᠤᠴᠣ ᠰᠠᠶᠢᠬᠠᠨ ᠳᠠᠭᠤᠤ ᠪᠥᠵᠢᠭ ᠤᠨ ᠲᠣᠭᠯᠠᠯᠲᠠ ᠪᠣᠯᠤᠨ ᠵᠠᠩ | ᠦᠢᠯᠡ ᠰᠣᠶᠣᠯ ᠤᠨ ᠦᠵᠡᠭᠦᠯᠭᠡ ᠶᠢ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠦᠨᠳᠦᠰᠦᠲᠡᠨ ᠤ | ᠤᠷᠠᠯᠢᠭ ᠤᠨ ᠠᠭᠤᠷ ᠠᠮᠢᠰᠬᠤᠯ ᠳᠤ ᠰᠤᠭᠲᠤᠷᠠᠭᠤᠯᠤᠨᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ 4 ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ ᠮᠣᠩᠭᠤᠯ ᠮᠣᠷᠢᠨ ᠤ 4000 ᠮᠧᠲᠷ ᠤᠨ ᠤᠷᠤᠯᠳᠤᠭᠠᠨ᠂ 15 ᠺᠢᠯᠣᠮᠧᠲᠷ ᠤᠨ | ᠲᠡᠮᠡᠭᠡᠨ ᠤ ᠬᠤᠯᠠ ᠶᠢᠨ ᠤᠷᠤᠯᠳᠤᠭᠠᠨ᠂ ᠬᠥᠭᠡᠷᠦᠬᠦᠨ ᠪᠤᠳᠤᠭᠤᠨ ᠤ ᠠᠳᠠᠯᠢᠳᠬᠠᠯ᠂ ᠲᠡᠮᠡᠭᠡ ᠨᠤᠤᠰᠯᠠᠬᠤ᠂ ᠪᠤᠶᠢᠯᠠ | ᠵᠤᠷᠭᠤᠬᠤ ᠵᠡᠷᠭᠡ ᠤᠯᠠᠮᠵᠢᠯᠠᠯᠲᠤ ᠤᠷ᠎ᠠ ᠮᠡᠷᠭᠡᠵᠢᠯ ᠤᠨ ᠮᠥᠷᠦ᠋ᠢᠴᠡᠭᠡᠨ ᠵᠡᠷᠭᠡ 7 ᠶᠡᠭᠡ ᠲᠥᠷᠥᠯ ᠤᠨ 30 ᠰᠢᠬᠠᠮ | ᠵᠦᠢᠯ ᠤᠨ ᠤᠷᠤᠯᠳᠤᠭᠠᠨ ᠨᠢ ᠡᠵᠡᠨ᠎ᠡ ᠬᠤᠰᠢᠭᠤᠨ ᠤ ᠥᠪᠡᠷᠮᠢᠴᠡ ᠵᠠᠩ ᠦᠢᠯᠡ ᠶᠢ ᠪᠥᠬᠦ ᠲᠠᠯ᠎ᠠ ᠪᠠᠷ ᠳᠡᠯᠭᠡᠨ | ᠦᠵᠡᠭᠦᠯᠦᠨ᠎ᠡ᠃ ᠵᠢᠭᠤᠯᠴᠢᠯᠠᠭᠴᠢᠳ ᠪᠤᠷᠠᠨᠲᠠᠭ ᠲᠠᠮᠤᠬᠤ᠂ ᠲᠡᠮᠡᠭᠡᠨ ᠬᠢᠷᠭᠤᠤᠯ ᠤᠨ ᠥᠨᠳᠡᠭᠡᠨ ᠳᠡᠭᠡᠷ᠎ᠡ ᠵᠢᠷᠤᠭ | ᠵᠢᠷᠤᠬᠤ ᠵᠡᠷᠭᠡ ᠲᠥᠷᠥᠯ ᠵᠦᠢᠯ ᠳᠤ ᠣᠷᠣᠯᠴᠠᠵᠤ᠂ ᠡᠵᠡᠨ᠎ᠡ ᠬᠤᠰᠢᠭᠤᠨ ᠤ ᠤᠯᠠᠮᠵᠢᠯᠠᠯᠲᠤ ᠵᠠᠩ ᠦᠢᠯᠡ ᠶᠢᠨ | ᠠᠮᠢᠳᠤᠯᠢᠭ ᠷᠢᠳᠢ ᠰᠢᠳᠢ ᠶᠢ ᠣᠯᠵᠤ ᠬᠠᠷᠠᠵᠠᠭᠠᠨ᠎ᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠤᠨᠴᠠᠯᠢᠭᠲᠤ ᠪᠠᠷᠠᠭ᠎ᠠ ᠲᠠᠸᠠᠷ ᠤᠨ ᠬᠤᠳᠠᠯᠳᠤᠭ᠎ᠠ ᠶᠢ | ᠲᠤᠬᠢᠷᠠᠭᠤᠯᠵᠤ᠂ ᠡᠭᠦᠨ ᠳᠤ ᠡᠯᠡᠰᠦᠨ ᠤ ᠠᠵᠤ ᠦᠢᠯᠡᠰ ᠤᠨ ᠦᠢᠯᠡᠳᠭᠦᠨ᠂ ᠣᠯᠠᠨ ᠤᠯᠤᠰ ᠤᠨ ᠪᠠᠷᠠᠭ᠎ᠠ᠂ | ᠲᠡᠮᠡᠭᠡᠨ ᠬᠢᠷᠭᠤᠤᠯ ᠤᠨ ᠠᠵᠤ ᠦᠢᠯᠡᠰ ᠤᠨ ᠦᠢᠯᠡᠳᠭᠦᠨ ᠵᠡᠷᠭᠡ ᠳᠡᠯᠭᠡᠨ ᠪᠣᠷᠣᠯᠠᠭᠤᠯᠬᠤ ᠪᠤᠯᠤᠩ ᠢ ᠪᠠᠭᠲᠠᠭᠠᠵᠤ᠂ | ᠡᠵᠡᠨ᠎ᠡ ᠶᠢᠨ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠦᠭᠵᠢᠬᠦ︾ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠪᠡ᠃ | ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᠵᠢᠤᠢ ᠮᠧᠶ᠄ ︽ᠮᠠᠨ ᠤ ᠬᠤᠰᠢᠭᠤ ︿ᠰᠣᠶᠣᠯ ᠢᠶᠠᠷ | ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ﹀ ᠶᠢ ᠪᠠᠷᠢᠮᠲᠠᠯᠠᠵᠤ᠂ ᠭᠤᠷᠪᠠᠨ ᠵᠢᠯ | ᠳᠠᠷᠠᠭᠠᠯᠠᠨ ︿ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ﹀ ᠰᠣᠶᠣᠯ ᠵᠢᠭᠤᠯᠴᠢᠯᠠᠯ ᠤᠨ ᠰᠢᠷᠢᠰ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠡᠮᠡᠭᠡᠨ ᠰᠣᠶᠣᠯ᠂ ᠰᠠᠨᠰᠠᠷ ᠰᠣᠶᠣᠯ᠂ ᠰᠤᠪᠨᠠᠭᠤᠷ ᠤᠨ ᠰᠣᠶᠣᠯ ᠤᠨ | ᠭᠦᠨᠵᠡᠭᠡᠶ ᠠᠭᠤᠰᠤᠯᠴᠠᠯ ᠢ ᠠᠬᠢᠭᠤᠯᠤᠨ᠂ ︿ᠰᠣᠶᠣᠯ + ᠠᠵᠤ ᠦᠢᠯᠡᠰ + ᠠᠮᠢ ᠠᠬᠤᠶ﹀ ᠶᠢ ᠵᠣᠬᠢᠴᠠᠭᠤᠯᠤᠨ | ᠬᠥᠭᠵᠢᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠤ ᠡᠬᠢ ᠰᠤᠷᠪᠤᠯᠵᠢ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ ᠡᠵᠡᠨ᠎ᠡ | ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠢᠶᠠᠷ ᠬᠤᠯᠪᠣᠭᠠᠰᠤ ᠪᠣᠯᠭᠠᠵᠤ᠂ | ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤ ᠳᠦᠷᠰᠦ ᠶᠢᠨ ᠦᠵᠡᠭᠦᠯᠦᠯᠭᠡ ᠶᠢᠨ ᠲᠣᠭᠯᠠᠯᠲᠠ᠂ ᠰᠠᠨᠰᠠᠷ ᠤᠨ | ᠠᠶᠠᠯᠠᠯ ᠤᠨ ᠭᠤᠤᠯ ᠰᠡᠳᠦᠪᠲᠦ ᠰᠤᠳᠤᠯᠤᠨ ᠰᠤᠷᠤᠯᠴᠠᠬᠤ ᠵᠡᠷᠭᠡ ᠡᠵᠡᠩᠨᠡᠯᠲᠡ ᠶᠢᠨ ᠪᠠᠶᠢᠳᠠᠯ ᠢ ᠰᠢᠨ᠎ᠡ ᠪᠠᠷ | ᠡᠭᠦᠳᠦᠨ ᠨᠡᠭᠡᠭᠡᠵᠦ᠂ ᠲᠤᠤᠷᠠᠢ᠂ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ᠂ ᠵᠢᠦᠢ ᠶᠡᠨ ᠤ ᠬᠠᠭᠤᠴᠢᠨ | ᠪᠠᠭᠤᠷᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︿ᠳᠥᠷᠪᠡᠨ ᠤᠯᠠᠷᠢᠯ ᠤᠨ ᠦᠵᠡᠮᠵᠢ᠂ ᠪᠥᠬᠦ ᠣᠷᠣᠨ | ᠪᠦᠰᠡ ᠤᠨ ᠰᠣᠶᠣᠯ ᠵᠢᠭᠤᠯᠴᠢᠯᠠᠯ﹀ ᠢ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠪᠡ᠃ | ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠢᠷᠠᠭᠤ ᠨᠠᠶᠢᠷᠠᠭ ᠤᠨ ᠨᠠᠭᠠᠳᠤᠮ᠂ ᠵᠠᠯᠠᠭᠤᠴᠤᠳ ᠤᠨ ᠳᠠᠭᠤᠤ | ᠬᠥᠭᠵᠢᠮ ᠤᠨ ᠨᠠᠶᠢᠷ ᠵᠡᠷᠭᠡ ᠠᠵᠢᠯᠯᠠᠭ᠎ᠠ ᠥᠷᠨᠢᠭᠦᠯᠵᠦ᠂ ᠤᠯᠠᠮᠵᠢᠯᠠᠯᠲᠤ ᠨᠠᠶᠢᠷ ᠴᠤᠭᠯᠠᠭᠠᠨ ᠳᠤ ᠵᠠᠯᠠᠭᠤᠰ ᠤᠨ | ᠠᠮᠢᠵᠢᠷᠠᠯ ᠤᠨ ᠬᠦᠴᠦᠨ ᠢ ᠨᠡᠮᠡᠷᠢᠯᠡᠵᠦ᠂ ᠲᠡᠮᠡᠭᠡᠲᠦ ᠨᠤᠲᠤᠭ ᠤᠨ ᠰᠣᠶᠣᠯ ᠢ ᠰᠢᠯᠦᠭ ᠳᠠᠭᠤᠯᠠᠯ ᠪᠠ ᠰᠢᠨ᠎ᠡ | ᠤᠷᠤᠰᠬᠠᠯ ᠤᠨ ᠬᠦᠭ ᠠᠶᠢᠵᠠᠮ ᠳᠤ ᠰᠢᠨ᠎ᠡ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ᠃ |