ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠡᠵᠡᠨ᠎ᠡ ᠬᠤᠰᠢᠭᠤᠨ ᠳᠤ 1400 ᠲᠦᠮᠡᠨ ᠲᠥᠭᠦᠷᠢᠭ ᠤᠨ ᠡᠮᠴᠢᠯᠡᠭᠡᠨ ᠤ ᠲᠥᠬᠦᠭᠡᠷᠦᠮᠵᠢ ᠬᠠᠨᠳᠢᠪᠯᠠᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 27᠎ ᠤ ᠡᠳᠦᠷ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ 1400 ᠲᠦᠮᠡᠨ ᠲᠥᠭᠦᠷᠢᠭ ᠤᠨ ᠥᠷᠲᠡᠭ ᠪᠥᠬᠦᠶ ᠡᠮᠴᠢᠯᠡᠭᠡᠨ ᠤ ᠲᠥᠬᠦᠭᠡᠷᠦᠮᠵᠢ ᠬᠠᠨᠳᠢᠪᠯᠡᠵᠦ᠂ ᠲᠥᠬᠦᠭᠡᠷᠦᠮᠵᠢ ᠶᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠣᠷᠣᠯᠴᠠᠵᠤ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠡᠷᠬᠢᠯᠡᠭᠴᠢ ᠸᠠᠩ ᠪᠢᠩ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠥᠬᠡ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠳᠡᠳ᠋ ᠳᠠᠷᠤᠭ᠎ᠠ ᠶᠧ ᠢᠦᠶ ᠰᠢᠶᠠ ᠲᠣᠰ ᠶᠣᠰᠣᠯᠠᠯ ᠢ ᠡᠷᠭᠢᠯᠡᠪᠡ᠃    ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠸᠠᠩ ᠪᠢᠩ ᠵᠢᠶᠦ᠋ᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠠᠨᠳᠢᠪᠯᠠᠯ ᠪᠣᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠴᠣ ᠰᠢᠨ᠎ᠡ ᠡᠬᠢᠯᠡᠯᠲᠡ ᠮᠥᠨ᠂ ᠲᠠᠷᠠᠭᠠᠴᠢ ᠶᠢᠨ ᠠᠯᠬᠤᠮ ᠳᠤ ᠪᠢᠳᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠵᠢᠯᠣᠭᠤᠳᠬᠤ᠂ ᠠᠯᠤᠰ ᠠᠴᠠ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ᠂ ᠴᠢᠳᠠᠪᠤᠷᠢᠲᠠᠨ ᠬᠥᠮᠦᠵᠢᠭᠦᠯᠬᠦ ᠶᠢ ᠲᠦᠷᠭᠡᠳᠬᠡᠬᠦ᠂ ᠮᠡᠷᠭᠡᠵᠢᠯ ᠤᠨ ᠳᠡᠮᠵᠢᠯᠭᠡ ᠶᠢ ᠭᠦᠨᠵᠡᠭᠡᠶᠢᠷᠡᠭᠦᠯᠬᠦ ᠵᠡᠷᠭᠡ ᠣᠯᠠᠨ ᠡᠰᠢᠵᠢᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠲᠦᠪᠰᠢᠨ ᠪᠣᠯᠤᠨ ᠦᠢᠯᠡᠴᠢᠯᠡᠭᠡᠨ ᠤ ᠴᠢᠳᠠᠪᠤᠷᠢ ᠶᠢᠨ ᠲᠠᠪᠠᠯᠳᠠᠳᠤ ᠳᠡᠭᠡᠭᠰᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃    ᠪᠦᠬᠡ ᠡᠵᠡᠨ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠹᠷᠣᠨᠲ ᠤᠨ ᠪᠦᠬᠦ ᠨᠥᠬᠦᠳ ᠢ ᠲᠥᠯᠥᠭᠡᠯᠡᠨ᠂ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠡᠮᠨᠡᠯᠭᠡ ᠶᠢᠨ ᠲᠥᠪ ᠲᠤ ᠬᠠᠷᠠᠮ ᠦᠭᠡᠢ ᠬᠠᠨᠳᠢᠪᠯᠠᠭᠰᠠᠨ ᠪᠠ ᠤᠷᠳᠤ ᠬᠤᠭᠤᠴᠠᠭᠠᠨ ᠤ ᠲᠤᠷᠰᠢ ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠢᠮᠠᠭᠲᠠ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠷ ᠮᠡᠷᠭᠡᠵᠢᠯ ᠤᠨ ᠲᠠᠯ᠎ᠠ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠢ ᠬᠥᠮᠦᠵᠢᠭᠦᠯᠬᠦ᠂ ᠠᠯᠤᠰ ᠠᠴᠠ ᠡᠮᠴᠢᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠭᠡᠷ ᠢᠷᠡᠵᠡᠶ᠃ ᠢᠷᠡᠭᠡᠳᠦᠶ ᠳᠤ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠲᠠᠢ ᠦᠷᠭᠦᠯᠵᠢᠯᠡᠨ ᠭᠠᠷ ᠬᠤᠯᠪᠣᠯᠴᠠᠵᠤ᠂ ᠡᠨᠡ ᠬᠦ ᠭᠦᠨ ᠵᠤᠵᠠᠭᠠᠨ ᠨᠥᠬᠦᠷᠯᠡᠯ ᠢᠶᠠᠨ ᠠᠮᠢ ᠨᠠᠰᠤ ᠶᠢ ᠬᠠᠮᠠᠭᠠᠯᠠᠬᠤ ᠪᠠᠲᠤ ᠴᠢᠩᠭ᠎ᠠ ᠬᠦᠴᠦᠨ ᠪᠣᠯᠭᠠᠨ ᠬᠤᠪᠢᠷᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠦᠷᠯᠢᠭ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    2022 ᠣᠨ ᠠᠴᠠ ᠡᠬᠢᠯᠡᠵᠦ᠂ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠪᠠᠷ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠳᠥᠷᠪᠡᠨ ᠵᠢᠯ ᠭᠠᠷᠤᠶ ᠶᠢᠨ ᠲᠤᠷᠰᠢ᠂ ᠲᠣᠰ ᠲᠥᠪ ᠠᠴᠠ 4 ᠪᠦᠯᠦᠭ ᠡᠮᠴᠢᠯᠡᠭᠡᠨ ᠤ ᠠᠩᠭᠢ ᠲᠣᠮᠢᠯᠠᠵᠤ᠂ ᠨᠡᠶᠢᠲᠡ 26 ᠲᠤᠰᠬᠠᠶ ᠮᠡᠷᠭᠡᠵᠢᠯᠲᠡᠨ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠠᠵᠢᠯᠲᠠᠨ ᠢ ᠨᠡᠶᠢᠲᠡ 800 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠰᠢᠨ᠎ᠡ ᠲᠤᠬᠠᠶᠢᠯᠠᠭᠰᠠᠨ ᠠᠵᠢᠯ᠂ ᠰᠢᠨ᠎ᠡ ᠮᠡᠷᠭᠡᠵᠢᠯ ᠢ 57 ᠵᠦᠢᠯ ᠬᠥᠭᠵᠢᠭᠦᠯᠦᠨ ᠪᠤᠶᠢᠵᠢᠭᠤᠯᠵᠤ᠂ ᠣᠯᠠᠨ ᠵᠦᠢᠯ ᠤᠨ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠪᠡ᠃ ᠠᠷᠠᠳ ᠣᠯᠠᠨ ᠤ ︽ᠪᠠᠭ᠎ᠠ ᠡᠪᠡᠳᠴᠢᠨ ᠢ ᠬᠤᠰᠢᠭᠤᠨ ᠳᠤ ᠪᠠᠨ ᠰᠢᠢᠳᠪᠤᠷᠢᠯᠡᠬᠦ ︾ ᠬᠦᠰᠡᠯ ᠢ ᠬᠠᠩᠭᠠᠬᠤ ᠶᠢᠨ ᠳᠤᠰᠠᠳᠠ᠂ ᠲᠤᠰᠬᠠᠶ ᠮᠡᠷᠭᠡᠵᠢᠯᠲᠡᠳ ᠤᠷᠢᠳ ᠬᠤᠵᠢᠳ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ 34 ᠤᠳᠠᠭ᠎ᠠ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ 3 ᠲᠦᠮᠡ ᠭᠠᠷᠤᠶ ᠬᠥᠮᠦᠨ ᠤᠳᠠᠭ᠎ᠠ ᠣᠯᠠᠨ ᠲᠦᠮᠡᠨ ᠳᠤ ᠠᠰᠢᠭ ᠬᠦᠷᠲᠡᠭᠡᠪᠡ᠃ ᠮᠥᠨᠴᠦ ᠣᠯᠠᠨ ᠲᠦᠮᠡᠨ ᠤ ᠡᠪᠡᠳᠴᠢᠨ ᠦᠵᠡᠭᠦᠯᠬᠦ ᠪᠠᠷ ᠭᠦᠶᠦᠵᠦ ᠪᠠᠶᠢᠭ᠎ᠠ ︽ᠲᠦᠪᠡᠭᠰᠢᠶᠡᠯ︾᠎ ᠢ ᠰᠢᠢᠳᠪᠦᠷᠢᠯᠡᠬᠦ ᠶᠢᠨ ᠲᠥᠯᠥᠭᠡ᠂ ᠲᠠᠳᠠ ᠪᠠᠰᠠ ᠡᠪᠡᠳᠴᠢᠨ ᠰᠢᠯᠵᠢᠭᠦᠯᠦᠨ ᠡᠮᠨᠡᠭᠦᠯᠬᠦ ᠰᠠᠭᠠᠳ ᠥᠬᠡᠶ ᠵᠠᠮ ᠭᠠᠷᠭᠠᠵᠤ᠂ ᠵᠢᠯ ᠪᠦᠷᠢ ᠡᠵᠡᠨ᠎ᠡ ᠬᠤᠰᠢᠭᠤᠨ ᠤ 300 ᠭᠠᠷᠤᠶ ᠡᠪᠡᠳᠴᠢᠲᠡᠨ ᠪᠡᠭᠡᠵᠢᠩ ᠳᠤ ᠬᠦᠷᠴᠦ ᠡᠪᠡᠳᠴᠢᠨ ᠥᠵᠡᠬᠦᠯᠵᠦ᠂ ᠳᠡᠲᠡᠨ ᠳᠤ ᠪᠠᠲᠤ ᠪᠠᠬᠢ ᠡᠮᠴᠢᠯᠡᠭᠡᠨ ᠤ ᠪᠠᠲᠤᠯᠠᠭ᠎ᠠ ᠶᠢ ᠬᠠᠩᠭᠠᠵᠤ ᠪᠤᠢ᠃ ᠲᠣᠰ ᠤᠳᠠᠭᠠᠨ ᠤ ᠬᠠᠨᠳᠢᠪᠯᠠᠭᠰᠠᠨ ᠥᠷᠲᠡᠭ ᠨᠢ 1400 ᠲᠦᠮᠡᠨ ᠲᠥᠭᠦᠷᠢᠭ ᠤᠨ ᠡᠮᠴᠢᠯᠡᠭᠡᠨ ᠤ ᠲᠥᠬᠦᠭᠡᠷᠦᠮᠵᠢ ᠨᠢ ᠮᠠᠨ ᠤ ᠬᠤᠰᠢᠭᠤᠨ ᠤ ᠡᠮᠴᠢᠯᠡᠭᠡᠨ ᠤ ᠣᠨᠣᠰᠢᠯᠠᠯᠲᠠ ᠶᠢᠨ ᠣᠨᠣᠪᠴᠢᠲᠤ ᠴᠢᠨᠠᠷ ᠪᠠ ᠡᠮᠴᠢᠯᠡᠭᠡᠨ ᠤ ᠥᠷ᠎ᠠ ᠪᠦᠳᠦᠮᠵᠢᠳᠤ ᠴᠢᠨᠠᠷ ᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃    ᠣᠶᠢᠯᠠᠭᠠᠭᠰᠠᠨ ᠢᠶᠠᠷ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠶᠢᠰᠦᠳᠦᠭᠡᠷ ᠠᠨᠠᠭᠠᠬᠤ ᠤᠬᠠᠭᠠᠨ ᠤ ᠲᠥᠪ ᠨᠢ ᠮᠠᠨ ᠤ ᠬᠤᠷᠢᠶᠠᠨ ᠳᠤ ᠤᠷᠢᠳ ᠬᠤᠵᠢᠳ ᠨᠡᠶᠢᠲᠡ 2250 ᠭᠠᠷᠤᠶ ᠲᠦᠮᠡᠨ ᠲᠥᠭᠦᠷᠢᠭ ᠤᠨ ᠥᠷᠲᠡᠭ ᠪᠥᠬᠦᠶ ᠡᠮᠴᠢᠯᠡᠭᠡᠨ ᠤ ᠲᠥᠬᠦᠭᠡᠷᠦᠮᠵᠢ ᠶᠢ ᠰᠦᠶ᠋ᠳᠬᠡᠯ ᠥᠬᠡᠶ ᠪᠠᠷ ᠬᠠᠨᠳᠢᠪᠯᠠᠭᠰᠠᠨ       ᠪᠠᠶᠢᠨ᠎ᠠ᠃ ᠡᠳᠡᠭᠡᠷ ᠲᠡᠷᠢᠭᠦᠨ ᠤ ᠲᠣᠨᠤᠭ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠭᠰᠠᠨ ᠨᠢ ᠡᠮᠨᠡᠯᠭᠡ ᠶᠢᠨ ᠬᠤᠷᠢᠶᠠᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠦᠭᠡᠢ᠂ ᠪᠠᠰᠠ ᠣᠨᠣᠰᠢᠯᠠᠯᠲᠠ ᠶᠢᠨ ᠣᠨᠣᠪᠴᠢᠲᠤ ᠴᠢᠨᠠᠷ ᠪᠠ ᠡᠮᠴᠢᠯᠡᠭᠡᠨ ᠤ ᠦᠷ᠎ᠠ ᠪᠦᠲᠦᠮᠵᠢᠲᠦ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠷᠠᠳ ᠣᠯᠠᠨ ᠳᠤ ᠦᠨᠡᠨ ᠪᠣᠳᠠᠲᠠᠢ ᠡᠷᠡᠭᠦᠯ ᠮᠡᠨᠳᠦ ᠠᠵᠠ ᠵᠢᠷᠭᠠᠯ ᠢ ᠬᠦᠷᠲᠡᠭᠡᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号