ᠡᠵᠡᠨ᠎ᠡ ᠬᠤᠰᠢᠭᠤᠨ ᠤ ︽ᠪᠣᠲᠣᠭᠤᠨ ᠪᠣᠶᠢᠯᠠᠭᠠᠨ ᠲᠠᠢ ᠡᠵᠡᠨ᠎ᠡ︾  ᠢᠷᠠᠭᠤ ᠨᠠᠶᠢᠷᠠᠭ ᠤᠨ ᠨᠠᠭᠠᠳᠣᠮ ᠲᠡᠭᠦᠰ ᠰᠠᠶᠢᠬᠠᠨ ᠶᠠᠪᠣᠭᠳᠠᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 27᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠰᠠᠯᠠᠭ᠎ᠠ ᠮᠥᠴᠢᠷ ᠠᠴᠠ ᠳᠠᠭᠠᠭᠠᠴᠢᠯᠠᠨ ᠡᠷᠬᠢᠯᠡᠭᠰᠡᠨ ︽ᠪᠣᠲᠣᠭᠤᠨ ᠪᠣᠶᠢᠯᠠᠭᠠᠨ ᠲᠠᠢ ᠡᠵᠡᠨ᠎ᠡ︾  ᠢᠷᠠᠭᠤ ᠨᠠᠶᠢᠷᠠᠭ ᠤᠨ ᠨᠠᠭᠠᠳᠣᠮ ᠲᠡᠭᠦᠰ ᠰᠠᠶᠢᠬᠠᠨ ᠶᠠᠪᠣᠭᠳᠠᠪᠠ᠃ ︽ᠰᠢᠯᠦᠭ ᠣᠶᠠᠩᠭᠠᠯᠠᠯ + ᠨᠠᠭᠠᠳᠤᠮ︾᠎ ᠤᠨ ᠠᠴᠢᠶᠠᠯᠠᠪᠤᠷᠢ ᠪᠠᠷ ᠦᠨᠳᠦᠰᠦᠲᠡᠨ ᠤ ᠣᠨᠴᠠᠯᠢᠭ ᠪᠠ ᠤᠳᠬ᠎ᠠ ᠵᠣᠬᠢᠶᠠᠯ ᠤᠨ ᠷᠢᠳᠢ ᠰᠢᠳᠢ ᠲᠠᠢ ᠰᠣᠶᠣᠯ ᠤᠨ ᠦᠪᠡᠳᠡᠭᠰᠢ ᠨᠠᠶᠢᠷ ᠢ ᠢᠯᠡᠷᠡᠭᠦᠯᠦᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠱᠢ ᠲᠢᠩ᠂ ᠳ᠋ᠤᠸᠠᠨ ᠶᠢᠨ ᠸᠧᠨ᠂ ᠸᠠᠩ ᠬᠤᠩ ᠶᠢᠩ᠂ ᠭᠡᠷᠡᠯᠲᠤᠶᠠᠭ᠎ᠠ ᠠᠵᠢᠯᠯᠠᠭ᠎ᠠ ᠳᠤ ᠣᠷᠣᠯᠴᠠᠵᠠᠢ᠃    ᠠᠵᠢᠯᠯᠠᠭ᠎ᠠ ᠨᠢ ᠪᠥᠵᠢᠭ ︽ᠲᠡᠮᠡᠭᠡᠨ ᠤ ᠠᠶᠢᠵᠠᠮ︾᠎ ᠤᠨ ᠳᠤᠮᠳᠠ ᠬᠥᠰᠢᠭᠡ ᠪᠠᠨ ᠰᠡᠬᠦᠵᠦ᠂ ᠡᠵᠡᠨ᠎ᠡ ᠶᠢᠨ ᠲᠣᠷᠭᠤᠳ ᠠᠷᠠᠳ ᠤᠨ ᠳᠠᠭᠤᠤ ︽ᠡᠵᠡᠨ᠎ᠡ ᠳᠣᠣᠯᠢ ᠶᠢᠨ ᠤᠰᠤ︾᠂ ᠮᠤᠷᠢᠨ ᠬᠤᠭᠤᠷ᠂ ᠲᠣᠪᠰᠢᠭᠤᠷ ᠤᠨ ᠬᠦᠭᠵᠢᠮᠳᠡᠯ ᠵᠡᠷᠭᠡ ᠳᠣᠭᠯᠠᠯᠳᠠ ᠨᠢ ᠠᠷᠤ ᠠᠷᠤ ᠠᠴᠠ ᠪᠠᠨ ᠳᠤᠭᠯᠠᠭᠳᠠᠵᠤ᠂ ᠥᠵᠡᠭᠴᠢ ᠣᠯᠠᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠲᠢᠩ ᠪᠠᠶᠠᠷ ᠤᠨ ᠦᠭᠡ ᠬᠡᠯᠡᠬᠦ ᠳᠡᠭᠡᠨ᠂ ᠲᠣᠰ ᠠᠵᠢᠯᠯᠠᠭ᠎ᠠ ᠪᠣᠯ ᠡᠵᠡᠨ᠎ᠡ ᠬᠤᠰᠢᠭᠤᠨ ᠤ ᠲᠣᠰ ᠭᠠᠵᠠᠷ ᠣᠷᠣᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ︽ᠬᠠᠨ ᠳᠡᠭᠷᠢ ᠶᠢᠨ ᠳᠠᠯᠠᠯᠭ᠎ᠠ ᠮᠢᠩᠭᠠᠨ ᠪᠣᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠤᠶᠢᠯᠡᠳᠦᠯᠭᠡ ᠮᠥᠨ᠂ ᠢᠷᠠᠭᠤ ᠨᠠᠶᠢᠷᠠᠭ ᠪᠣᠯᠤᠨ ᠨᠠᠶᠢᠷ ᠨᠠᠭᠠᠳᠤᠮ ᠤᠨ ᠠᠭᠤᠰᠤᠯᠴᠠᠯ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠣᠯᠬᠤ ᠪᠥᠭᠡᠳ ᠨᠠᠩ ᠴᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠳᠤᠯᠢᠭ ᠲᠠᠶᠢᠯᠪᠤᠷᠢᠯᠠᠯᠲᠠ ᠪᠣᠯᠤᠨ᠎ᠠ᠂ ᠡᠶᠢᠮᠦᠷᠬᠦ ᠲᠠᠪᠴᠠᠩ ᠢ ᠪᠠᠶᠢᠭᠤᠯᠬᠤ ᠪᠠᠷ ᠳᠡᠮᠵᠢᠨ᠂ ᠨᠠᠩ ᠣᠯᠠᠨ ᠬᠥᠮᠦᠨ ᠳᠤ ᠡᠵᠡᠨ᠎ᠡ ᠶᠢᠨ ᠰᠣᠶᠣᠯ ᠤᠨ ᠷᠢᠳᠢ ᠰᠢᠳᠢ ᠶᠢ ᠡᠵᠡᠮᠰᠢᠭᠦᠯᠵᠦ᠂ ᠲᠣᠰ ᠭᠠᠵᠠᠷ ᠣᠷᠣᠨ ᠤ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠬᠦᠰᠡᠵᠦ ᠪᠠᠶᠢᠨ᠎ᠠ       ᠭᠡᠪᠡ᠃    ᠤᠷᠤᠯᠳᠤᠭᠠᠨ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ᠂ ᠦᠨᠳᠦᠰᠦᠲᠡᠨ ᠤ ᠦᠭᠡ ᠬᠡᠯᠡ ᠭᠡᠬᠦ ᠬᠤᠶᠠᠷ ᠶᠡᠭᠡ ᠲᠦᠷᠦᠯ ᠬᠤᠪᠢᠶᠠᠵᠤ᠂ ᠤᠮᠠᠷᠠᠲᠤ ᠬᠢᠯᠢ ᠶᠢᠨ ᠰᠣᠶᠣᠯ᠂ ᠵᠢᠤᠢ ᠶᠠᠨ ᠤ ᠰᠣᠶᠣᠯ ᠵᠡᠷᠭᠡ ᠭᠤᠣᠯ ᠰᠡᠳᠦᠪ ᠤᠨ ᠲᠣᠭᠤᠷᠢᠨ ᠳᠤ ᠥᠷᠨᠢᠭᠦᠯᠵᠦ᠂ 30 ᠭᠠᠷᠤᠢ  ᠰᠢᠯᠦᠭᠴᠢᠳ ᠳᠡᠰ ᠳᠠᠷᠠᠭᠠᠯᠠᠨ ᠲᠠᠶᠢᠰᠠᠨ ᠳᠤ ᠭᠠᠷᠴᠤ ᠥᠪᠡᠷ ᠤᠨ ᠣᠷᠠᠨ ᠪᠦᠳᠦᠭᠡᠯ ᠢᠶᠠᠨ ᠣᠶᠠᠩᠭᠠᠯᠠᠪᠠ᠃ ᠳᠡᠳᠡᠨᠡᠷ ᠮᠠᠨᠢ ᠲᠡᠮᠡᠭᠡᠲᠦ ᠨᠤᠲᠤᠭ ᠤᠨ ᠠᠮᠢᠳᠤᠷᠠᠯ ᠢ ᠤᠶᠠᠩᠭᠠᠯᠠᠬᠤ᠂ ᠠᠯᠢ ᠡᠰᠡᠬᠦᠯ᠎ᠡ ᠲᠡᠦᠬᠡ ᠶᠢᠨ ᠪᠣᠯᠪᠠᠰᠤᠨ ᠢ ᠮᠥᠷᠳᠡᠬᠦ ᠠᠴᠠ ᠥᠭᠰᠦᠭᠦᠯᠦᠨ᠂ ᠰᠢᠯᠦᠭ ᠢᠶᠠᠷ ᠵᠣᠷᠢᠭ ᠰᠠᠨᠠᠭ᠎ᠠ ᠪᠠᠨ ᠢᠯᠡᠳᠬᠡᠵᠦ᠂ ᠨᠥᠯᠥᠭᠡᠯᠡᠬᠦ ᠬᠦᠴᠦᠨ ᠲᠠᠢ ᠲᠣᠭᠯᠠᠯᠲᠠ ᠪᠠᠷ ᠢᠶᠠᠨ ᠭᠦᠨ ᠵᠤᠵᠠᠭᠠᠨ ᠤᠳᠬ᠎ᠠ ᠵᠣᠬᠢᠶᠠᠯ ᠤᠨ ᠰᠠᠭᠤᠷᠢ ᠪᠠ ᠰᠣᠶᠣᠯ ᠤᠨ ᠢᠲᠡᠭᠡᠯ ᠢᠶᠠᠨ ᠢᠯᠡᠷᠡᠭᠦᠯᠪᠡ᠃    ᠨᠡᠷ᠎ᠡ ᠲᠥᠷᠥ ᠲᠠᠢ ᠵᠣᠬᠢᠶᠠᠯᠴᠢ᠂ ᠰᠣᠶᠣᠯ ᠤᠨ ᠡᠷᠳᠡᠮᠲᠡᠨ ᠢᠶᠠᠷ ᠪᠦᠷᠢᠯᠳᠦᠭᠰᠡᠨ ᠰᠢᠯᠭᠠᠷᠠᠭᠤᠯᠬᠤ ᠪᠦᠯᠬᠦᠮ ᠨᠢ ᠦᠵᠡᠯ ᠰᠠᠨᠠᠭᠠᠨ ᠤ ᠠᠭᠤᠯᠭ᠎ᠠ᠂ ᠤᠷᠠᠯᠢᠭ ᠤᠨ ᠢᠯᠡᠷᠡᠯ᠂ ᠬᠡᠯᠡᠨ ᠤ ᠣᠨᠴᠠᠯᠢᠭ ᠵᠡᠷᠭᠡ ᠲᠠᠯ᠎ᠠ ᠠᠴᠠ ᠲᠤᠰᠬᠠᠶ ᠮᠡᠷᠭᠡᠵᠢᠯ ᠤᠨ ᠰᠢᠯᠭᠠᠷᠠᠭᠤᠯᠤᠯᠲᠠ ᠬᠢᠵᠦ᠂ ᠤᠷᠤᠯᠳᠤᠭᠠᠨ ᠤ ᠲᠥᠪ ᠭᠤᠤᠯᠴᠢ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ ᠦᠨᠡᠨ ᠬᠦ ᠪᠠᠳᠣᠯᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠤᠷᠤᠯᠳᠤᠭᠠᠨ ᠤ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠰᠢᠯᠭᠠᠷᠠᠭᠤᠯᠪᠠ᠃    ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠰᠢᠯᠦᠭ ᠤᠨ ᠵᠣᠬᠢᠶᠠᠨ ᠪᠦᠲᠦᠭᠡᠯᠭᠡ ᠶᠢᠨ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠦᠨᠳᠦᠰᠦᠲᠡᠨ ᠤ ᠰᠣᠶᠣᠯ ᠤᠨ ᠭᠦᠨᠵᠡᠭᠡᠶ ᠰᠣᠯᠢᠯᠴᠠᠭ᠎ᠠ ᠪᠣᠯᠤᠨ᠎ᠠ᠂ ᠨᠢᠭᠡ ᠪᠦᠯᠦᠭ ᠲᠣᠰ ᠭᠠᠵᠠᠷ ᠣᠷᠣᠨ ᠤ ᠰᠢᠯᠢᠳᠡᠭ ᠰᠢᠯᠦᠭᠴᠢᠳ ᠢ ᠠᠭᠤᠳᠠᠯᠤᠭᠰᠠᠨ ᠢᠶᠠᠷ ᠪᠠᠷᠠᠬᠤ       ᠥᠬᠡᠶ᠂ ᠪᠠᠰᠠ ︽ᠪᠣᠳᠣᠭᠠᠨ ᠪᠣᠶᠢᠯᠠᠭᠠᠨ ᠲᠠᠢ ᠡᠵᠡᠨ᠎ᠡ︾  ᠢᠷᠠᠭᠤ ᠨᠠᠶᠢᠷᠠᠭ ᠤᠨ ᠨᠠᠭᠠᠳᠣᠮ ᠳᠤ ᠰᠢᠨ᠎ᠡ ᠰᠣᠶᠣᠯ ᠤᠨ ᠠᠭᠤᠯᠤᠭᠳᠠᠬᠤᠨ ᠨᠡᠮᠡᠷᠢᠯᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠣᠨ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠥᠵᠡᠬᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠦᠷᠭᠦᠯᠵᠢᠯᠡᠨ ᠰᠣᠶᠣᠯ ᠢᠶᠠᠷ ᠬᠤᠯᠪᠣᠭᠠᠰᠤ ᠪᠣᠯᠭᠠᠨ᠂ ᠠᠵᠢᠯᠯᠠᠭᠠᠨ ᠤ ᠬᠡᠯᠪᠡᠷᠢ ᠪᠠᠨ ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ᠂ ᠵᠢᠤᠢ ᠶᠡᠡ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠳᠤᠮᠳᠠ ᠰᠢᠨ᠎ᠡ ᠬᠡᠷᠡᠯ ᠭᠢᠯᠪᠠᠭ᠎ᠠ ᠪᠠᠨ ᠰᠠᠴᠤᠷᠠᠭᠤᠯᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号