4 ᠰᠠᠷ᠎ᠠ ᠶᠢᠨ 27 ᠤ ᠡᠳᠤᠷ᠂ ︽ᠲᠡᠮᠡᠭᠡᠲᠦ ᠨᠤᠲᠤᠭ ᠢᠶᠠᠨ ᠳᠠᠭᠤᠯᠠᠵᠤ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠳᠠᠭᠤᠤ ᠬᠥᠭᠵᠢᠮ ᠤᠨ ᠦᠳᠡᠰᠢᠯᠡᠭᠡ ᠂ 2025 ᠣᠨ ᠤ ᠵᠠᠯᠠᠭᠤᠴᠤᠳ ᠤᠨ ᠳᠠᠭᠤᠤ | ᠬᠥᠭᠵᠢᠮ ᠤᠨ ᠴᠤᠭᠯᠠᠭᠠᠨ ᠤ ᠭᠤᠤᠯ ᠰᠡᠳᠦᠪᠲᠦ ᠠᠵᠢᠯᠯᠠᠭ᠎ᠠ ᠬᠤᠰᠢᠭᠤᠨ ᠤ ᠵᠢᠤᠢ ᠶᠠᠨ ᠤ ᠰᠣᠶᠣᠯ ᠤᠨ ᠵᠡᠭᠡᠯᠢ | ᠲᠣᠭᠤᠷᠢᠭ ᠤᠨ ᠠᠭᠤᠳᠠᠮ ᠲᠠᠯᠠᠪᠠᠶ ᠳᠤ ᠶᠠᠪᠤᠭᠳᠠᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶᠠᠨ ᠤ | ᠱᠦᠵᠢ ᠬᠤ᠋ ᠤᠶᠤᠨ᠂ ᠬᠤᠰᠢᠭᠤᠨ ᠤ ᠤᠳᠤᠷᠢᠳᠤᠯᠭ᠎ᠠ ᠳ᠋ᠦ᠋ ᠶᠦᠩ ᠭᠠᠩ᠂ ᠱᠢ ᠲᠢᠩ᠂ ᠮᠥᠷᠡᠨ ᠳᠠᠭᠤᠤ | ᠬᠥᠭᠵᠢᠮ ᠤᠨ ᠦᠳᠡᠰᠢᠯᠡᠭᠡ ᠳᠤ ᠣᠷᠣᠯᠴᠠᠪᠠ᠃ | ᠲᠣᠭᠯᠠᠯᠲᠠ ᠡᠬᠢᠯᠡᠵᠦ᠂ ᠬᠤᠷᠣᠮᠬᠠᠨ ᠵᠠᠭᠤᠷ᠎ᠠ ᠪᠦᠬᠦ ᠲᠠᠯᠠᠪᠠᠢ ᠶᠢᠨ ᠠᠭᠤᠷ ᠠᠮᠢᠰᠬᠤᠯ ᠢ ᠳᠦᠷᠡᠯᠵᠡᠭᠦᠯᠵᠦ᠂ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ︽ᠲᠡᠮᠡᠭᠡᠲᠦ ᠨᠤᠲᠤᠭ ᠢᠶᠠᠨ ᠳᠠᠭᠤᠯᠠᠵᠤ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠳᠠᠭᠤᠤ ᠬᠥᠭᠵᠢᠮ ᠤᠨ ᠦᠳᠡᠰᠢᠯᠡᠭᠡ ᠵᠢᠩᠬᠢᠨᠢ ᠪᠠᠷ ᠡᠬᠢᠯᠡᠪᠡ᠃ ᠳᠠᠭᠤᠤ ᠬᠥᠭᠵᠢᠮ ᠤᠨ | ᠴᠤᠭᠯᠠᠭᠠᠨ ᠳᠡᠭᠡᠷ᠎ᠡ᠂ ᠮᠠᠰᠢ ᠣᠯᠠᠨ ᠠᠪᠢᠢᠶᠠᠰᠤᠯᠢᠭ ᠲᠠᠭᠤᠴᠢᠳ ᠡᠭᠡᠯᠵᠢᠯᠡᠨ ᠲᠣᠭᠯᠠᠯᠲᠠ ᠭᠠᠷᠭᠠᠵᠤ᠂ ᠪᠠᠶᠠᠷ | ᠬᠥᠷ ᠢᠶᠠᠷ ᠪᠢᠯᠬᠠᠨ᠂ ᠪᠠᠶᠠᠷᠯᠠᠯᠳᠤᠨ ᠬᠦᠬᠡᠷᠤᠯᠳᠦᠨᠠ᠃ ᠪᠠᠶᠠᠨᠮᠥ᠋ᠩᠬᠡMajor 7 ᠪᠠᠭ ᠲᠠᠢ ᠪᠠᠨ ︽ ᠨᠠᠨᠳᠢᠨ | ᠬᠠᠶᠢᠷ᠎ᠠ︾ ︽ᠴᠢᠮ᠎ᠠ ᠶᠢ ᠬᠠᠮᠢᠭ᠎ᠠ ᠠᠴᠠ ᠤᠯᠠᠬᠤ ᠤᠤ︾ ︽ᠬᠤᠯᠠ ᠶᠢᠨ ᠨᠤᠳᠤᠭ︾ ᠵᠡᠷᠭᠡ ᠳᠠᠭᠤᠤ ᠶᠢ | ᠲᠠᠭᠤᠯᠠᠵᠤ᠂ ᠦᠪᠡᠷ ᠤᠨ ᠲᠠᠭᠤᠨ ᠬᠤᠬᠤᠯᠠᠢ ᠪᠠᠷ ᠢᠶᠠᠨ ᠦᠵᠡᠭᠴᠢ ᠲᠦᠮᠡᠨ ᠢᠶᠠᠨ ᠪᠠᠶᠠᠰᠬᠠᠯ᠎ᠠ᠃ | ᠴᠤᠭᠯᠠᠭᠠᠨ ᠤ ᠠᠬᠤᠶ ᠲᠠᠯᠠᠪᠠᠶ ᠳᠤ᠂ ᠪᠠᠰᠠ ᠲᠣᠰ ᠪᠦᠷᠢ ᠠᠵᠤ ᠦᠢᠯᠡᠰ ᠢ ᠲᠡᠯᠬᠡᠷᠡᠬᠦᠯᠤᠨ ᠳᠠᠭᠠᠭᠤᠯᠤᠭᠴᠢ | ᠦᠨᠳᠤᠰᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠳᠠᠭᠠᠭᠤᠯᠤᠭᠴᠢ ᠬᠡᠷᠡᠯᠪᠠᠲᠤ᠂ ᠤᠯᠠᠮᠵᠢᠯᠠᠨ | ᠵᠠᠯᠭᠠᠮᠵᠢᠯᠠᠬᠤ ᠶᠢᠨ ᠳᠠᠭᠠᠭᠤᠯᠤᠭᠴᠢ ᠠᠶᠤᠩᠭ᠎ᠠ᠂ ᠲᠡᠮᠡᠭᠡᠲᠦ ᠨᠤᠲᠤᠭ ᠤᠨ ᠰᠣᠶᠣᠯ ᠢ ᠤᠯᠠᠮᠵᠢᠯᠠᠨ ᠳᠡᠯᠭᠡᠷᠡᠭᠦᠯᠦᠭᠴᠢ | ᠪᠠᠶᠠᠨᠮᠥ᠋ᠩᠬᠡ᠂ ᠲᠡᠮᠡᠭᠡᠲᠦ ᠨᠤᠲᠤᠭ ᠤᠨ ᠰᠣᠶᠣᠯ ᠢ ᠲᠡᠮᠳᠡᠭᠯᠡᠭᠴᠢ ᠪᠠᠶ ᠴᠢ ᠱᠢ ᠳᠤ ︽ᠡᠵᠡᠨ᠎ᠡ ᠬᠤᠰᠢᠭᠤᠨ ᠤ | ᠲᠡᠮᠡᠭᠡᠨ ᠠᠵᠤ ᠦᠢᠯᠡᠰ ᠪᠣᠯᠤᠨ ᠰᠣᠶᠣᠯ ᠤᠨ ᠲᠠᠨᠢᠯᠴᠠᠭᠤᠯᠤᠭᠴᠢ ︾ ᠶᠢᠨ ᠦᠨᠡᠮᠯᠡᠯ ᠣᠯᠭᠤᠵᠤ᠂ ᠲᠡᠳᠡᠨ ᠢ ᠵᠠᠯᠠᠭᠤ | ᠨᠠᠰᠤᠨ ᠤ ᠬᠦᠴᠦᠨ ᠴᠢᠳᠠᠯ ᠢᠶᠠᠷ ᠲᠡᠮᠡᠬᠡᠳᠤ ᠨᠤᠲᠤᠭ ᠤᠨ ᠰᠣᠶᠣᠯ ᠢ ᠰᠢᠨ᠎ᠡ ᠠᠮᠢᠯᠠᠯ ᠲᠠᠢ ᠪᠣᠯᠭᠠᠵᠤ᠂ ᠡᠵᠡᠨ᠎ᠡ | ᠬᠤᠰᠢᠭᠤᠨ ᠳᠤ ᠤᠷᠤᠭᠰᠢᠯᠠᠨ ᠳᠠᠪᠰᠢᠬᠤ ᠬᠠᠭᠤᠳᠠᠰᠤ ᠶᠢ ᠪᠢᠴᠢᠭᠯᠡᠬᠦ ᠶᠢ ᠬᠦᠰᠡᠵᠡᠶ᠃ |