ᠲᠣᠣᠷᠠᠢ ᠶᠢᠨ ᠮᠣᠳᠣᠨ ᠤ ᠡᠳᠦᠷ ᠲᠤᠲᠤᠮ ᠤᠨ ᠬᠠᠮᠢᠶᠠᠷᠤᠯᠲᠠ ᠪᠣᠯᠤᠨ ᠠᠷᠠᠴᠢᠯᠠᠨ ᠬᠠᠮᠠᠭᠠᠯᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠵᠤ᠂ ᠲᠣᠣᠷᠠᠢ ᠶᠢᠨ ᠮᠣᠳᠣᠨ ᠤ ᠡᠳᠡᠭᠡᠷᠡᠯᠲᠡ ᠶᠢᠨ ᠨᠣᠷᠮ᠎ᠠ ᠪᠣᠯᠤᠨ ᠠᠮᠢ | ᠠᠬᠤᠢ ᠶᠢᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠤᠰᠠᠳᠠ᠂ ᠤᠶᠢᠷ᠎ᠠ ᠶᠢᠨ ᠡᠳᠦᠷ᠂ ᠡᠵᠡᠨ᠎ᠡ | ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠲᠣᠣᠷᠠᠢ ᠶᠢᠨ ᠴᠢᠬᠢ ᠮᠣᠳᠣ ᠶᠢ ᠵᠠᠶᠢᠯᠠᠬᠤ | ᠠᠵᠢᠯᠯᠠᠭ᠎ᠠ ᠥᠷᠨᠢᠭᠦᠯᠪᠡ᠃ | ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣ ᠪᠤᠶᠢᠵᠢᠭᠤᠯᠬᠤ | ᠭᠠᠵᠠᠷ ᠲᠤ ᠠᠵᠢᠯᠲᠠᠳ ᠨᠢᠭᠡᠨᠲᠡ ᠲᠥᠯᠥᠪᠵᠢᠭᠦᠯᠦᠭᠰᠡᠨ ᠴᠢᠬᠢ ᠮᠣᠳᠣ ᠪᠤᠶᠢᠵᠢᠭᠤᠯᠬᠤ ᠰᠠᠭᠤᠷᠢᠨ ᠭᠠᠵᠠᠷ ᠲᠤ | ᠮᠣᠳᠣ ᠳᠠᠷᠢᠨ ᠶᠠᠭᠠᠷᠠᠯᠳᠤᠨ᠎ᠠ᠃ ᠠᠬᠤᠢ ᠳᠠᠯᠠᠪᠠᠢ ᠳᠤ᠂ ᠠᠵᠢᠯᠲᠠᠳ ᠬᠤᠶᠠᠷ ᠳᠤᠭᠤᠶᠢᠯᠠᠩ ᠪᠣᠯᠵᠤ᠂ ᠠᠵᠢᠯ ᠢᠶᠠᠨ | ᠲᠣᠳᠣᠷᠬᠠᠶ ᠬᠤᠪᠢᠶᠠᠷᠢᠯᠠᠨ᠂ ᠨᠢᠭᠡ ᠪᠦᠯᠦᠭ ᠬᠥᠮᠦᠨ ᠨᠢ ᠬᠦᠷᠵᠡ ᠪᠠᠷᠢᠵᠤ᠂ ᠴᠢᠬᠢ ᠪᠤᠶᠢᠵᠢᠭᠤᠯᠬᠤ ᠭᠠᠵᠠᠷ ᠠᠴᠠ | 40 ᠰᠠᠨᠲ᠋ᠢᠮᠧᠲᠷ ᠭᠦᠨ ᠨᠦᠬᠡ ᠮᠠᠯᠲᠠᠵᠤ᠂ ᠨᠥᠭᠦᠭᠡ ᠨᠢᠭᠡ ᠪᠦᠯᠦᠭ ᠬᠥᠮᠦᠨ ᠨᠢ ᠲᠤᠤᠷᠠᠶ ᠶᠢᠨ ᠴᠢᠬᠢ ᠮᠣᠳᠣ ᠶᠢ | ᠨᠦᠬᠡᠨ ᠳᠤ ᠳᠠᠯᠪᠢᠵᠦ᠂ ᠣᠬᠤᠷᠬᠠᠨ ᠬᠡᠳᠦᠨ ᠮᠢᠨᠦ᠋ᠲ ᠲᠤ ᠨᠢᠭᠡ ᠰᠠᠭᠤᠷᠢ ᠲᠤᠤᠷᠠᠶ ᠶᠢᠨ ᠴᠢᠬᠢ ᠮᠣᠳᠣ ᠡᠬᠡ | ᠭᠠᠵᠠᠷ ᠤᠨ ᠬᠦᠷᠦᠰᠦᠨ ᠳᠤ ᠪᠠᠲᠤ ᠥᠨᠳᠣᠰᠤᠯᠠᠨᠠ᠃ ᠲᠣᠰ ᠤᠳᠠᠭᠠᠨ ᠤ ᠠᠵᠢᠯᠯᠠᠭ᠎ᠠ ᠳᠤ᠂ ᠵᠢᠱᠢᠯᠲᠡ ᠪᠠᠷ | ᠲᠤᠤᠷᠠᠶ ᠶᠢᠨ ᠵᠤᠯᠵᠠᠭ᠎ᠠ ᠮᠣᠳᠣ ᠶᠢ 10 ᠲᠦᠮᠡᠨ ᠰᠠᠭᠤᠷᠢ ᠵᠠᠶᠢᠯᠠᠭᠤᠯᠵᠤ᠂ ᠳᠠᠷᠢᠬᠤ ᠲᠠᠯᠠᠪᠠᠶ ᠨᠢ ᠪᠠᠷᠤᠭ 100 | ᠮᠥ ᠳᠤ ᠬᠦᠷᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠤᠤᠷᠠᠶ ᠤᠯᠢᠶᠠᠰᠤ ᠶᠢ ᠭᠡᠳᠡᠷᠭᠦ ᠵᠠᠶᠢᠯᠠᠬᠤ ᠮᠡᠷᠭᠡᠵᠢᠯ ᠨᠢ ᠲᠤᠤᠷᠠᠶ ᠶᠢᠨ ᠴᠢᠬᠢ ᠶᠢᠨ | ᠡᠳᠡᠭᠡᠷᠡᠯᠲᠡ ᠶᠢᠨ ᠨᠣᠷᠮ᠎ᠠ ᠶᠢ 30% ᠰᠢᠬᠠᠮ ᠳᠡᠭᠡᠭᠰᠢᠯᠡᠭᠦᠯᠵᠦ ᠴᠢᠳᠠᠬᠤ ᠶᠢᠨ ᠬᠠᠮᠲᠤ ᠲᠠᠩ ᠰᠠᠭᠤᠷᠢ ᠶᠢᠨ | ᠥᠪᠡᠷ ᠤᠨ ᠥᠷᠲᠡᠭ ᠢ ᠪᠠᠭᠤᠷᠠᠭᠤᠯᠵᠤ ᠴᠢᠳᠠᠨ᠎ᠠ᠂ ᠡᠨᠡ ᠮᠡᠲᠦ ᠪᠠᠷ ᠳᠠᠷᠢᠭᠰᠠᠨ ᠲᠤᠤᠷᠠᠶ ᠶᠢᠨ ᠦᠨᠳᠦᠰᠦ ᠶᠢᠨ | ᠰᠢᠰᠲ᠋ᠧᠮ ᠨᠢ ᠨᠠᠩ ᠬᠥᠭᠵᠢᠵᠦ᠂ ᠨᠠᠬᠢᠶᠠᠯᠠᠬᠤ ᠬᠤᠷᠳᠤᠴᠠ ᠨᠢ ᠨᠠᠩ ᠲᠦᠷᠭᠡᠨ ᠪᠣᠯᠵᠣ᠂ ᠤᠷᠭᠤᠯᠲᠠ ᠶᠢᠨ | ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ 3 ᠵᠢᠯ ᠤᠨ ᠣᠶ ᠶᠢᠨ ᠨᠣᠷᠮ᠎ᠠ ᠶᠢ 30%ᠳᠡᠭᠡᠭᠰᠢᠯᠡᠭᠦᠯᠵᠦ᠂ | ᠠᠮᠢ ᠠᠬᠤᠶ ᠶᠢᠨ ᠰᠡᠯᠭᠦᠨ ᠰᠡᠷᠭᠦᠬᠦ ᠦᠶᠡᠯᠡᠯ ᠤᠨ ᠲᠥᠪᠯᠡᠷᠡᠯ ᠢ ᠪᠦᠲᠦᠮᠵᠢᠲᠡᠶ ᠪᠣᠭᠤᠨᠢᠰᠬᠠᠵᠤ ᠴᠢᠳᠠᠨ᠎ᠠ᠃ | ᠲᠤᠤᠷᠠᠶ ᠶᠢᠨ ᠦᠷ᠎ᠠ ᠶᠢᠨ ᠠᠶᠠᠨᠳᠠᠭᠠᠨ ᠡᠭᠦᠰᠬᠦ ᠨᠣᠷᠮ᠎ᠠ ᠨᠢ ᠳᠤᠤᠷ᠎ᠠ ᠪᠠᠶᠢᠵᠤ᠂ ᠨᠢᠯᠬ᠎ᠠ ᠴᠢᠬᠢ ᠨᠢ ᠬᠡᠭᠡᠷ᠎ᠡ | ᠭᠠᠳᠠᠭ᠎ᠠ ᠠᠮᠠᠷᠬᠠᠨ ᠴᠠᠭ ᠠᠭᠤᠷ ᠤᠨ ᠨᠥᠯᠦᠭᠡᠯᠡᠯ ᠢ ᠭᠥᠷᠳᠡᠳᠡᠭ᠃ ᠬᠦᠯᠡᠮᠵᠢ ᠶᠢᠨ ᠣᠷᠴᠢᠨ ᠲᠣᠭᠤᠷᠢᠨ ᠳᠤ | ᠭᠡᠷᠡᠯ ᠤᠨ ᠲᠤᠰᠤᠯᠲᠠ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠵᠢᠴᠢ ᠤᠰᠤ ᠪᠣᠷᠳᠣᠭᠤᠷ ᠵᠡᠷᠭᠡ | ᠨᠥᠬᠦᠴᠡᠯ ᠢ ᠬᠠᠷᠢᠴᠠᠩᠭᠤᠶ ᠪᠠᠷ ᠡᠵᠡᠮᠳᠡᠵᠦ ᠪᠣᠯᠬᠤ ᠪᠥᠭᠡᠳ ᠨᠡᠯᠢᠶᠡᠳ ᠲᠣᠭᠲᠠᠪᠤᠷᠢᠲᠠᠶ ᠪᠠᠶᠢᠳᠠᠭ᠃ ᠲᠤᠤᠷᠠᠶ ᠶᠢᠨ | ᠴᠢᠬᠢ ᠮᠣᠳᠤ ᠬᠦᠯᠡᠮᠵᠢ ᠳᠤ ᠤᠷᠭᠤᠭᠠᠳ ᠨᠢᠭᠡ ᠵᠢᠯ ᠪᠣᠯᠤᠭᠰᠠᠨ ᠤ ᠳᠠᠷᠠᠭ᠎ᠠ᠂ ᠪᠠᠶᠢᠭᠠᠯᠢ ᠶᠢᠨ ᠣᠷᠴᠢᠨ | ᠲᠣᠭᠤᠷᠢᠨ ᠳᠤ ᠡᠷᠬᠢᠬᠡᠳ ᠬᠡᠳᠡᠷᠬᠦ ᠵᠠᠶᠢᠯᠠᠵᠤ᠂ ᠪᠠᠶᠢᠭᠠᠯᠢ ᠶᠢᠨ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠵᠤ | ᠡᠬᠢᠯᠡᠳᠡᠭ᠃ ᠦᠨᠳᠦᠰᠦ ᠶᠢᠨ ᠰᠢᠰᠲ᠋ᠧᠮ ᠨᠢ ᠨᠠᠩ ᠥᠷᠭᠡᠨ ᠪᠠᠶᠢᠭᠠᠯᠢ ᠶᠢᠨ ᠬᠥᠷᠥᠰᠥᠨ ᠳᠤ ᠦᠨᠳᠦᠰᠦ | ᠬᠠᠳᠬᠤᠵᠤ᠂ ᠦᠨᠳᠦᠰᠦ ᠶᠢᠨ ᠰᠢᠰᠲ᠋ᠧᠮ ᠤᠨ ᠤᠯᠠᠮ ᠨᠢᠭᠡ ᠠᠯᠬᠤᠮ ᠪᠤᠶᠢᠵᠢᠨ ᠪᠣᠵᠠᠭᠠᠷᠢᠷᠠᠬᠤ ᠳᠤ ᠬᠦᠴᠦ | ᠨᠡᠮᠡᠷᠢᠯᠡᠵᠦ᠂ ᠭᠠᠵᠠᠷ ᠳᠡᠭᠡᠷᠡᠬᠢ ᠬᠡᠰᠡᠭ ᠤᠨ ᠤᠷᠭᠤᠯᠲᠠ ᠶᠢ ᠠᠬᠢᠭᠤᠯᠤᠨ᠂ ᠲᠤᠤᠷᠠᠶ ᠶᠢᠨ ᠪᠠᠶᠢᠭᠠᠯᠢ ᠶᠢᠨ ᠠᠭᠤᠷ | ᠠᠮᠢᠰᠬᠤᠯ ᠪᠠ ᠬᠥᠷᠥᠰᠥ ᠰᠢᠷᠣᠶ ᠶᠢᠨ ᠨᠥᠬᠦᠴᠡᠯ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠵᠦ᠂ ᠦᠷᠭᠦᠯᠵᠢᠯᠡᠨ | ᠣᠷᠳᠣ ᠬᠤᠭᠤᠴᠠᠭ᠎ᠠ ᠪᠠᠷ ᠤᠷᠭᠤᠬᠤ ᠣᠷᠴᠢᠨ ᠳᠤ ᠰᠠᠭᠤᠷᠢ ᠲᠠᠯᠪᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ | ᠲᠤᠤᠷᠠᠶ ᠶᠢᠨ ᠴᠢᠬᠢ ᠮᠣᠳᠣᠨ ᠤ ᠡᠳᠦᠷ ᠲᠤᠲᠤᠮ ᠤᠨ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢ | ᠴᠢᠩᠭᠠᠳᠬᠠᠵᠤ᠂ ᠲᠣᠰ ᠭᠠᠵᠠᠷ ᠤᠨ ᠠᠮᠢ ᠠᠬᠤᠶ ᠣᠷᠴᠢᠨ ᠲᠣᠭᠤᠷᠢᠨ ᠳᠤ ᠳᠣᠭᠢᠷᠠᠬᠤ ᠨᠠᠩ ᠣᠯᠠᠨ ᠮᠣᠳᠣᠨ ᠤ | ᠲᠥᠷᠥᠯ ᠢ ᠪᠤᠶᠢᠵᠢᠭᠤᠯᠬᠤ ᠪᠠ ᠳᠠᠷᠢᠬᠤ ᠵᠠᠭᠪᠤᠷ ᠢ ᠬᠠᠶᠢᠨ ᠰᠥᠪᠡᠭᠴᠢᠯᠡᠨ᠂ ᠭᠠᠵᠠᠷ ᠣᠷᠣᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠪᠠ ︿ᠭᠤᠷᠪᠠᠨ ᠤᠮᠠᠷᠠᠲᠤ﹀ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ | ᠳᠥᠯᠭᠢᠨ ᠠᠬᠢᠭᠤᠯᠵᠤ᠂ ᠾᠧᠰᠢ ᠶᠢᠨ ᠬᠤᠩᠭᠢᠯ ——— ᠲᠠᠺᠯᠠᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠶᠢᠨ | ᠡᠯᠡᠰᠦ ᠶᠢ ᠬᠤᠷᠢᠬᠤ ᠥᠷᠲᠡᠭᠡ ᠶᠢᠨ ᠢᠯᠠᠯᠲᠠ ᠶᠢ ᠤᠯᠬᠤ ᠳᠤ ᠨᠠᠩ ᠣᠯᠠᠨ ᠬᠦᠴᠦᠨ ᠨᠡᠮᠡᠷᠢᠯᠡᠨ᠎ᠡ᠃ |