4 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠵᠤ᠂ ᠪᠦᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ | ᠬᠤᠸᠠᠩ ᠶᠠ ᠯᠢ ᠬᠤᠷᠠᠯ ᠢ ᠡᠷᠭᠢᠯᠡᠪᠡ᠃ ᠬᠤᠷᠠᠯ ᠳᠤ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ | ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠬᠡᠨ ᠪᠠᠶᠢᠭᠤᠯᠣᠶ᠎ᠠ︾ ᠬᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ | ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠪᠠᠲᠤᠲᠠᠶ ᠠᠬᠢᠭᠤᠯᠵᠤ᠂ ᠠᠯᠠᠱᠠ ᠶᠢᠨ ᠲᠡᠤᠬᠡ ᠰᠣᠶᠣᠯ ᠪᠠ ᠬᠤᠪᠢᠰᠬᠠᠯ ᠤᠨ ᠡᠬᠢ ᠪᠠᠶᠠᠯᠢᠭ ᠢ | ᠠᠭᠤᠳᠠᠯᠤᠨ ᠡᠮᠬᠢᠯᠡᠵᠦ᠂ ᠨᠠᠩ ᠣᠯᠠᠨ ᠰᠣᠳᠣᠨ ᠪᠦᠲᠦᠭᠡᠯ ᠭᠠᠷᠭᠠᠬᠤ ᠶᠢ ᠵᠣᠷᠢᠭᠵᠢᠭᠤᠯᠤᠨ ᠳᠡᠮᠵᠢᠵᠦ᠂ ᠮᠢᠩ | ᠤᠯᠤᠰ ᠤᠨ ᠣᠷᠳᠣ ᠴᠠᠭᠠᠨ ᠬᠡᠷᠡᠮ ᠵᠡᠷᠭᠡ ᠪᠠᠶᠢᠭᠠᠯᠢ ᠶᠢᠨ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠶ | ᠬᠠᠮᠠᠭᠠᠯᠠᠯᠲᠠ ᠶᠢ ᠴᠢᠩᠭᠠᠳᠬᠠᠵᠤ᠂ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ | ᠡᠩᠨᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠠᠶᠢᠮᠠᠭ ᠤᠨ ᠰᠣᠶᠣᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠣᠨᠣᠪᠴᠢᠲᠠᠶ ᠰᠤᠷᠤᠯᠴᠠᠨ ᠳᠣᠣᠱᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠮᠠᠭᠠᠳᠯᠠᠯᠲᠠ ᠪᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠲᠥᠷᠥ ᠶᠢᠨ ᠪᠣᠳᠣᠯᠭ᠎ᠠ ᠶᠢᠨ | ᠠᠵᠠ ᠲᠣᠬᠢᠶᠠᠯ ᠢ ᠠᠮᠵᠢᠨ᠂ ᠠᠵᠢᠯ ᠤᠨ ᠠᠷᠭ᠎ᠠ ᠬᠡᠮᠵᠢᠶ᠎ᠡ ᠪᠠᠨ ᠲᠥᠯᠥᠪᠵᠢᠭᠦᠯᠵᠦ᠂ ᠠᠵᠤ ᠠᠬᠤᠶᠢᠯᠠᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠶ ᠶᠢᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡᠳᠦᠭᠡᠷ ᠤᠯᠠᠷᠢᠯ ᠳᠤ ᠪᠦᠬᠦ ᠠᠶᠢᠮᠠᠭ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ ᠰᠠᠶᠢᠨ ᠰᠠᠶᠢᠬᠠᠨ ᠡᠬᠢᠯᠡᠯᠲᠡ ᠲᠠᠢ ᠪᠣᠯᠪᠠ᠃ ᠡᠯ᠎ᠡ ᠱᠠᠲᠤᠨ ᠤ ᠬᠢᠨ | ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠪᠤᠰᠤᠳᠴᠢ ᠪᠠᠷ ᠬᠠᠨᠳᠤᠵᠤ᠂ ᠮᠠᠨ ᠤ ᠠᠶᠢᠮᠠᠭ ᠤᠨ ᠠᠵᠤ | ᠦᠢᠯᠡᠰ ᠤᠨ ᠬᠥᠭᠵᠢᠯᠲᠡ ᠶᠢᠨ ᠰᠠᠭᠤᠷᠢ ᠪᠠ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠲᠣᠳᠣᠷᠬᠠᠶ | ᠲᠠᠨᠢᠬᠤ ᠮᠥᠷᠲᠡᠭᠡᠨ ᠪᠠᠰᠠ ᠣᠳᠣᠬᠠᠨ ᠤ ᠠᠵᠤ ᠠᠬᠤᠶ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ | ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠴᠢᠩᠭ᠎ᠠ | ᠠᠳᠬᠤᠨ ᠲᠦᠷᠭᠡᠨ ᠠᠵᠢᠯᠯᠠᠵᠤ᠂ ᠰᠡᠳᠬᠢᠬᠦᠶ ᠶᠢ ᠲᠠᠶᠢᠯᠵᠤ ᠬᠦᠴᠢᠷ ᠠᠰᠠᠭᠤᠳᠠᠯ ᠢ ᠢᠯᠠᠨ ᠳᠠᠪᠠᠵᠤ᠂ ᠬᠤᠶᠠᠳᠤᠭᠠᠷ | ᠤᠯᠠᠷᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠥᠬᠦ ᠵᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃ ᠥᠷᠯᠥᠭᠡ ᠦᠳᠡᠰᠢ ᠦᠬᠡᠢ ᠲᠡᠮᠡᠴᠡᠨ ᠠᠵᠤ ᠠᠬᠤᠢ ᠶᠢᠨ ᠠᠵᠢᠯ ᠢ | ᠰᠠᠶᠢᠲᠤᠷ ᠠᠳᠬᠤᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠥᠭᠵᠢᠯᠲᠡ ᠪᠣᠯᠤᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠬᠢᠷᠠᠭᠤᠯᠤᠯᠳᠠ᠂ ᠠᠬᠢᠴᠠ᠂ ᠪᠦᠷᠢᠳᠬᠡᠯ ᠳᠤ | ᠣᠷᠣᠭᠤᠯᠬᠤ ᠶᠢ ᠠᠳᠬᠤᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠬᠦ ᠬᠡᠷᠡᠭᠲᠡᠢ᠃ | ᠴᠠᠬᠢᠯᠭᠠᠨ ᠭᠠᠷᠭᠠᠬᠤ᠂ ᠭᠠᠳᠠᠭᠰᠢ ᠬᠦᠷᠭᠡᠬᠦ᠂ ᠡᠨᠧᠷᠭᠢ ᠬᠠᠳᠠᠭᠠᠯᠠᠬᠤ᠂ ᠪᠠᠭᠲᠠᠭᠠᠨ ᠰᠢᠩᠭᠡᠭᠡᠬᠦ ᠪᠠ ᠲᠣᠨᠤᠭ | ᠲᠥᠬᠦᠭᠡᠷᠦᠮᠵᠢ ᠦᠢᠯᠡᠳᠬᠦ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠠᠬᠢᠭᠤᠯᠬᠤ ᠬᠡᠷᠡᠭᠳᠡᠢ᠃ ᠨᠡᠭᠦᠷᠡᠰᠦ ᠤᠬᠢᠶᠠᠬᠤ ᠦᠢᠯᠡᠳᠪᠦᠷᠢᠯᠡᠬᠦ ᠴᠢᠳᠠᠪᠤᠷᠢ ᠶᠢ ᠲᠦᠷᠬᠡᠨ | ᠪᠠᠳᠠᠷᠠᠭᠤᠯᠵᠤ᠂ ᠨᠡᠭᠦᠷᠡᠰᠦᠨ ᠠᠭᠤᠷᠬᠠᠢ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠮᠤᠷ ᠲᠦᠪᠰᠢᠨ ᠡᠮᠬᠢ | ᠵᠢᠷᠤᠮ ᠲᠠᠢ ᠪᠠᠷ ᠠᠬᠢᠭᠤᠯᠵᠤ᠂ ᠤᠯᠠᠮᠵᠢᠯᠠᠯᠲᠤ ᠡᠨᠧᠷᠭᠢ ᠶᠢ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠬᠦᠯᠬᠦ | ᠬᠡᠷᠡᠭᠳᠡᠢ᠃ | ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ | ᠰᠢᠨ᠎ᠡ ᠡᠨᠧᠷᠭᠢ ᠶᠢ ᠠᠵᠢᠯᠯᠠᠭᠤᠯᠵᠤ ᠪᠠᠲᠤᠯᠠᠬᠤ ᠦᠢᠯᠡᠴᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠤᠯᠠᠨ ᠲᠠᠯ᠎ᠠ ᠠᠴᠠ ᠬᠦᠴᠦᠯᠡᠨ ᠳᠡᠭᠡᠭᠰᠢᠯᠡᠬᠦᠯᠬᠦ | ᠬᠡᠷᠡᠭᠳᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠨᠢ ᠪᠥᠬᠦ | ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠳᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠠᠵᠤ ᠠᠬᠤᠶᠢᠯᠠᠯ ᠤᠨ ᠰᠢᠩᠭᠡᠭᠡᠨ ᠠᠪᠬᠤ᠂ ᠠᠵᠤ ᠦᠢᠯᠡᠰ ᠢᠶᠠᠷ ᠳᠠᠶᠢᠴᠢᠯᠠᠬᠤ᠂ ᠤᠷ᠎ᠠ | ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠪᠠᠷ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠤ᠂ | ᠠᠷᠭ᠎ᠠ ᠪᠤᠳᠤᠵᠤ ᠪᠠᠶᠢᠭᠠᠳ ᠬᠤᠲᠠ ᠬᠥᠳᠡᠭᠡ ᠶᠢᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠬᠦᠯᠬᠦ ᠬᠡᠷᠡᠭᠳᠡᠢ᠃ | ᠬᠠᠷᠠᠯᠲᠠ ᠪᠠᠨ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠴᠢᠩᠭ᠎ᠠ | ᠠᠳᠬᠤᠵᠤ᠂ ᠡᠳᠦᠷ ᠲᠤᠳᠤᠮ ᠤᠨ ᠠᠵᠢᠯ ᠳᠠᠭᠠᠨ ᠬᠦᠴᠦ ᠣᠷᠣᠭᠤᠯᠵᠤ᠂ ᠪᠠᠶᠢᠩᠭᠤ ᠠᠳᠬᠤᠵᠤ᠂ ᠨᠢᠭᠡ ᠨᠢᠬᠡ | ᠬᠠᠷᠠᠯᠲᠠ ᠪᠠᠷ ᠵᠠᠳᠠᠯᠵᠤ᠂ ᠨᠢᠭᠡ ᠨᠢᠭᠡ ᠭᠤᠭᠴᠤᠭ᠎ᠠ ᠪᠠᠷ ᠠᠬᠢᠭᠤᠯᠵᠤ᠂ ᠨᠢᠭᠡ ᠨᠢᠭᠡ ᠡᠭᠦᠷᠭᠡ ᠶᠢ | ᠨᠠᠶᠢᠳᠠᠪᠤᠷᠢᠵᠢᠭᠤᠯᠵᠤ᠂ ᠴᠠᠭ ᠡᠭᠦᠷᠭᠡ ︽ᠬᠤᠶᠠᠷ ᠢ ᠬᠠᠭᠠᠰ ᠢᠶᠠᠷ ᠪᠡᠶᠡᠯᠡᠬᠦᠯᠵᠦ︾᠂ ᠠᠵᠤ ᠠᠬᠤᠢ ᠶᠢᠨ | ᠠᠵᠢᠯᠯᠠᠭᠠᠨ ᠢ ᠪᠦᠬᠦ ᠵᠢᠯ ᠳᠤ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠤ ᠪᠥᠬᠦ ᠠᠶᠢᠮᠠᠭ ᠤᠨ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠵᠠᠰᠠᠬᠤ ᠶᠢ ᠡᠷᠡᠰ ᠲᠦᠷᠭᠡᠨ ᠪᠥᠭᠡᠳ ᠬᠦᠴᠦᠲᠡᠶ ᠨᠢᠭᠡ ᠴᠤᠭᠴᠠᠵᠢᠭᠤᠯᠤᠨ ᠠᠬᠢᠭᠤᠯᠵᠤ᠂ ᠨᠢᠭᠡ ᠠᠴᠠ ᠨᠥᠭᠦᠭᠡ ᠶᠢ | ᠵᠦᠢᠴᠢᠯᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠡᠯ᠎ᠡ ᠠᠵᠢᠯ ᠢ | ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠠᠮᠠᠭᠠᠯᠠᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ | ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ | ᠰᠤᠳᠤᠯᠵᠠᠢ᠃ |