ᠴᠡᠭᠡ ᠪᠣᠭᠤᠮᠲᠠ ᠪᠣᠯᠤᠨ ᠮᠣᠩᠭᠤᠯ ᠤᠯᠤᠰ ᠤᠨ ᠡᠮᠦᠨᠡᠭᠤᠪᠢ ᠠᠶᠢᠮᠠᠭ ᠤᠨ ᠨᠥᠬᠦᠷᠰᠡᠭ ᠶᠠᠪᠤᠯᠴᠠᠭ᠎ᠠ ᠶᠢ ᠤᠯᠠᠮ | ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ | ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 30 ᠤ ᠡᠳᠦᠷ᠂ ᠴᠡᠭᠡ | ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠮᠣᠩᠭᠤᠯ ᠤᠯᠤᠰ ᠤᠨ 70 ᠭᠠᠷᠤᠶ | ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠪᠡᠶ᠎ᠡ ᠶᠢᠨ | ᠪᠠᠶᠢᠴᠠᠭᠠᠯᠲᠠ ᠳᠤ ᠳᠣᠲᠣᠷ ᠡᠮᠨᠡᠯᠭᠡ᠂ ᠭᠠᠳᠠᠷ ᠡᠮᠨᠡᠯᠭᠡ᠂ ᠴᠢᠰᠤᠨ ᠳᠠᠷᠤᠯᠲᠠ᠂ ᠴᠢᠰᠤᠨ ᠰᠢᠬᠢᠷ᠂ B ᠬᠡᠲᠦ | ᠳᠣᠯᠭᠢᠶᠠᠨ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠶᠢ ᠪᠠᠭᠲᠠᠭᠠᠵᠤ᠂ ᠡᠮᠨᠡᠯᠭᠡ ᠶᠢᠨ ᠠᠵᠢᠯᠲᠠᠳ ᠡᠳᠦᠷ | ᠲᠤᠲᠤᠮ ᠤᠨ ᠢᠳᠡᠭᠡᠨ ᠤᠮᠳᠠᠭᠠᠨ᠂ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠪᠠᠰᠠ | ᠮᠡᠳᠡᠭᠦᠯᠦᠯᠲᠡ ᠪᠠᠷ ᠳᠠᠮᠵᠢᠭᠤᠯᠤᠨ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠳᠤ | ᠶᠡᠷᠦᠩᠬᠡᠶᠢᠯᠡᠭᠰᠡᠨ ᠦᠨᠡᠯᠡᠯᠲᠡ ᠵᠢᠴᠢ ᠲᠤᠰᠬᠠᠶ ᠮᠡᠷᠭᠡᠵᠢᠯ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠪᠠ᠃ ᠲᠣᠰ | ᠤᠳᠠᠭᠠᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ | ᠲᠦᠮᠡᠨ ᠤ ᠬᠤᠭᠤᠷᠣᠨᠳᠣᠬᠢ ᠨᠥᠬᠦᠷᠯᠡᠯ ᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠤᠶᠠᠷ ᠲᠠᠯ᠎ᠠ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠴᠡᠭᠡ ᠪᠣᠭᠤᠮᠲᠠ ᠨᠡᠭᠡᠭᠡᠯᠲᠡ ᠲᠠᠢ ᠬᠠᠮᠲᠤᠷᠠᠯᠴᠠᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠮᠣᠩᠭᠤᠯ | ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠎ᠡ᠃ ᠡᠭᠦᠨ ᠤ | ᠬᠠᠮᠲᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠤᠯᠠᠮ ᠴᠢᠨᠠᠭᠰᠢᠳᠠ ᠠᠭᠤᠳᠠᠯᠵᠤ᠂ ᠠᠵᠤ ᠠᠬᠤᠶ ᠠᠷᠠᠯᠵᠢᠶᠠᠨ ᠤ | ᠶᠠᠪᠤᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ | ᠬᠤᠶᠠᠷ ᠲᠠᠯ᠎ᠠ ᠶᠢᠨ ᠪᠠᠶᠢᠬᠤ ᠪᠠ ᠬᠠᠷᠢᠯᠴᠠᠨ ᠨᠡᠪᠲᠡᠷᠡᠯᠴᠡᠭᠰᠡᠨ᠂ ᠬᠠᠷᠢᠯᠴᠠᠨ ᠬᠦᠨᠳᠦᠳᠬᠡᠭᠰᠡᠨ ᠭᠦᠨ ᠵᠤᠵᠠᠭᠠᠨ | ᠨᠥᠬᠦᠷᠯᠡᠯ ᠪᠣᠯᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠢ | ᠰᠠᠶᠢᠲᠤᠷ ᠪᠠᠬᠢᠵᠢᠭᠦᠯᠵᠦ᠂ ᠬᠤᠶᠠᠷ ᠲᠠᠯ᠎ᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | |