ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ᠂ ᠡᠬᠡ ᠣᠷᠣᠨᠴᠢ ᠦᠵᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠳᠤᠰᠠᠳᠠ᠂ 4 ᠰᠠᠷ᠎ᠠ ᠶᠢᠨ 2 ᠤᠨ ᠡᠳᠦᠷ᠂ ᠡᠵᠡᠨ᠎ᠡ ᠬᠤᠰᠢᠭᠤᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠠᠯᠠᠶᠢᠬᠥ᠋ᠪ ᠪᠠᠯᠭᠠᠰᠤ᠂ ᠨᠠᠮ ᠪᠠ | ᠣᠯᠠᠨ ᠳᠥᠮᠡᠨᠴᠢ ᠦᠢᠯᠡᠴᠢᠯᠡᠭᠡᠨ ᠤ ᠲᠥᠪ ᠤᠨ ᠨᠠᠮ ᠤᠨ ᠬᠠᠮᠲᠤᠷᠠᠭᠰᠠᠨ ᠠᠵᠢᠯᠯᠠᠬᠤ ᠬᠤᠷᠢᠶ᠎ᠠ ᠪᠣᠯᠤᠨ | ᠤᠯᠠᠭᠠᠨᠮᠥ᠋ᠴᠢᠷ ᠲᠠᠢ ᠬᠠᠮᠲᠤᠷᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠶ ᠳᠤ | ᠬᠦᠷᠴᠦ ︽2025 · ᠬᠠᠩᠰᠢ ᠶᠢᠨ ᠡᠳᠦᠷ ᠬᠤᠪᠢᠰᠬᠠᠯ ᠤᠨ ᠦᠷᠡᠭᠳᠡᠭᠰᠡᠨ ᠪᠠᠭᠠᠲᠤᠷ ᠢ ᠳᠤᠷᠠᠰᠣᠨ | ᠰᠠᠨᠠᠭᠠᠯᠵᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | 9 ᠴᠠᠭ 30 ᠮᠢᠨᠦ᠋ᠲ ᠲᠤ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠠᠵᠢᠯᠯᠠᠭ᠎ᠠ | ᠵᠢᠩᠬᠢᠨᠢ ᠪᠠᠷ ᠡᠬᠢᠯᠡᠵᠦ᠂ ᠪᠦᠬᠦ ᠬᠥᠮᠦᠰ ᠮᠡᠭᠦᠶᠢᠨ ᠶᠣᠰᠣᠯᠠᠨ᠂ ᠬᠤᠪᠢᠰᠬᠠᠯ ᠤᠨ ᠦᠢᠯᠡᠰ ᠲᠤ ᠠᠮᠢ ᠨᠠᠰᠤ ᠪᠠᠨ | ᠵᠣᠷᠢᠭᠤᠯᠤᠭᠰᠠᠨ ᠪᠠᠭᠠᠳᠤᠷᠴᠤᠳ ᠢᠶᠠᠨ ᠭᠦᠨ᠎ᠡ ᠭᠠᠰᠢᠭᠤᠳᠠᠪᠠ᠃ ᠳᠠᠷᠠᠭ᠎ᠠ ᠨᠢ ᠪᠦᠬᠦ ᠨᠠᠮ ᠤᠨ ᠭᠡᠰᠢᠭᠦᠳ ᠨᠠᠮ ᠤᠨ | ᠲᠤᠭ ᠤᠨ ᠡᠮᠦᠨ᠎ᠡ ᠲᠥᠪ ᠴᠢᠩᠭ᠎ᠠ ᠢᠶᠠᠷ᠂ ᠨᠠᠮ ᠳᠤ ᠣᠷᠣᠬᠤ ᠲᠠᠩᠭᠠᠷᠢᠭ ᠢᠶᠠᠨ ᠳᠠᠬᠢᠨᠲᠠ ᠲᠠᠩᠭᠠᠷᠢᠭᠯᠠᠪᠠ᠃ | ᠤᠯᠠᠭᠠᠨᠮᠥ᠋ᠴᠢᠷ ᠤᠨ ᠭᠡᠰᠢᠬᠦᠨ ᠠᠴᠠ ᠪᠠᠰᠠ ︽ᠪᠢᠳᠡᠨ ᠤ ᠳᠤᠷᠠᠰᠤᠨ ᠰᠠᠨᠠᠭᠠᠯᠵᠠᠵᠤ ᠪᠠᠶᠢᠭ᠎ᠠ ᠠᠷᠠᠳ ᠤᠨ | ᠪᠠᠭᠠᠲᠤᠷᠴᠤᠳ︾ ᠬᠡᠮᠡᠬᠦ ᠢᠷᠠᠭᠤ ᠨᠠᠶᠢᠷᠠᠭ ᠢ ᠣᠷᠬᠢᠯᠣᠮ᠎ᠠ ᠬᠠᠯᠠᠭᠤᠨ ᠰᠡᠳᠬᠢᠯᠭᠡ ᠪᠠᠷ ᠣᠶᠠᠩᠭᠠᠯᠠᠵᠤ᠂ ᠬᠢᠯᠢ ᠶᠢᠨ | ᠪᠠᠶᠢᠯᠳᠤᠭᠴᠢᠳ ᠤᠨ ᠭᠤᠪᠢ ᠨᠤᠲᠤᠭ ᠲᠤ ᠦᠨᠳᠦᠰᠦᠯᠡᠵᠦ᠂ ᠰᠠᠨᠰᠠᠷ ᠤᠨ ᠠᠶᠠᠯᠠᠯ ᠤᠨ ᠬᠥᠪᠡᠭᠦᠳ ᠥᠬᠢᠳ ᠤᠨ | ᠬᠦᠰᠡᠯ ᠵᠡᠭᠦᠳᠦ ᠪᠠᠨ ᠲᠡᠷᠭᠡᠯᠰᠢᠭᠦᠯᠬᠦ ᠦᠨᠡᠨᠴᠢ ᠰᠢᠳᠤᠷᠭᠤ ᠡᠭᠦᠷᠭᠡᠯᠡᠯ ᠢ ᠮᠠᠭᠲᠠᠨ ᠳᠠᠭᠤᠯᠠᠬᠤ ᠶᠢᠨ ᠬᠠᠮᠳᠤ | ᠤᠯᠠᠨ ᠢᠶᠠᠷ ᠢᠶᠠᠨ ᠥᠷᠡᠭᠳᠡᠭᠰᠡᠨ ᠪᠠᠭᠠᠷᠳᠤᠴᠤᠳ ᠲᠤ ᠤᠳᠪᠠᠯᠠ ᠴᠡᠴᠡᠭ ᠡᠷᠬᠦᠵᠦ᠂ ᠲᠣᠷᠠᠰᠤᠨ ᠰᠠᠨᠠᠭᠠᠯᠵᠠᠬᠤ | ᠰᠡᠳᠬᠢᠯᠬᠡ ᠪᠠᠨ ᠬᠦᠨ᠎ᠠ ᠢᠯᠡᠳᠬᠡᠪᠡ᠃ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠼᠤᠤ | ᠵᠢᠤᠸᠠᠨ᠄ ︽ᠡᠨᠡ ᠤᠳᠠᠭ᠎ᠠ ᠶᠢᠨ ᠬᠠᠩᠰᠢ ᠶᠢᠨ ᠦᠷᠡᠭᠳᠡᠭᠰᠡᠨ ᠪᠠᠭᠠᠲᠤᠷᠴᠤᠳ ᠢ ᠲᠠᠬᠢᠬᠤ ᠠᠵᠢᠯᠯᠠᠭ᠎ᠠ ᠨᠢ | ᠦᠷᠡᠭᠳᠡᠭᠰᠡᠨ ᠪᠠᠭᠠᠲᠤᠷᠴᠤᠳ ᠢ ᠳᠤᠷᠠᠰᠤᠨ ᠬᠦᠨᠳᠦᠳᠬᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠵᠠᠯᠠᠭᠤ ᠨᠢᠭᠡ | ᠦᠶ᠎ᠡ ᠶᠢᠨ ᠬᠢᠨ ᠢ ᠤᠷᠮᠠᠰᠢᠭᠤᠯᠤᠨ ᠬᠥᠮᠦᠵᠢᠭᠦᠯᠵᠦ ᠪᠠᠶᠢᠭ᠎ᠠ ᠶᠠᠪᠤᠳᠠᠯ ᠪᠣᠯᠬᠤ ᠶᠤᠮ᠂ ᠪᠢᠳᠡᠨ ᠤ ᠬᠢᠯᠪᠠᠷ ᠪᠤᠰᠤ ᠪᠠᠷ | ᠢᠷᠡᠭᠰᠡᠨ ᠵᠣᠯ ᠵᠢᠷᠭᠠᠯᠲᠤ ᠠᠮᠢᠳᠤᠷᠠᠯ ᠢ ᠡᠷᠬᠡᠪᠰᠢ ᠬᠤᠪᠢ ᠳᠠᠬᠢᠨ ᠨᠠᠨᠳᠢᠩᠨᠠᠬᠤ ᠬᠡᠷᠡᠭᠲᠡᠢ᠃ ᠡᠭᠦᠨ ᠠᠴᠠ | ᠭᠠᠳᠠᠨ᠎ᠠ᠂ ᠦᠷᠡᠭᠳᠡᠭᠰᠡᠨ ᠪᠠᠭᠠᠲᠤᠷ ᠨᠢᠭᠡᠪᠦᠷᠢ ᠶᠢ ᠬᠦᠨᠳᠦᠳᠬᠡᠨ ᠰᠠᠨᠠᠭᠠᠯᠵᠠᠵᠤ ᠪᠠᠶᠢᠬᠤ ᠪᠠᠨ ᠢᠯᠡᠳᠬᠡᠬᠦ ᠶᠢᠨ | ᠲᠥᠯᠥᠭᠡ᠂ ᠪᠢᠳᠡ ᠪᠠᠰᠠ ᠪᠥᠬᠦ ᠬᠤᠰᠢᠭᠤᠨ ᠤ ᠬᠡᠪᠴᠢᠶᠡᠨ ᠳᠠᠬᠢ ᠲᠠᠷᠠᠬᠠᠶ ᠪᠤᠲᠠᠷᠬᠠᠶ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠳᠤ ᠨᠢᠭᠡᠳ ᠨᠢᠭᠡ ᠪᠠᠷ ᠲᠠᠬᠢᠯᠭ᠎ᠠ ᠬᠢᠵᠦ᠂ ᠦᠷᠡᠭᠳᠡᠭᠰᠡᠨ ᠪᠠᠭᠠᠲᠤᠷ ᠨᠢᠭᠡᠪᠦᠷᠢ ᠶᠢ | ᠮᠥᠷᠥᠭᠡᠳᠦᠨ ᠰᠠᠨᠠᠭᠠᠯᠵᠠᠬᠤ ᠪᠠ ᠬᠦᠨᠳᠦᠳᠬᠡᠨ ᠪᠢᠰᠢᠷᠠᠵᠤ ᠪᠠᠶᠢᠬᠤ ᠰᠡᠳᠬᠢᠯᠬᠡ ᠪᠠᠨ ᠤᠯᠠᠮ ᠢᠶᠠᠷ ᠪᠠᠲᠤᠯᠠᠨ᠎ᠠ︾ | ᠭᠡᠪᠡ᠃ |