ᠤᠢᠢᠷ᠎ᠠ ᠶᠢᠨ ᠡᠳᠦᠷ ᠤᠳ ᠲᠤ᠂ ᠡᠵᠡᠨ᠎ᠡ ᠬᠤᠰᠢᠭᠤ ᠤᠯᠠᠨ ᠬᠡᠯᠪᠡᠷᠢ ᠶᠢᠨ ︽ᠪᠢᠳᠡᠨ ᠤ ᠳᠤᠷᠠᠰᠬᠠᠯ ᠤᠨ | ᠡᠳᠦᠷ — ᠬᠠᠩᠰᠢ ᠶᠢᠨ ᠡᠳᠦᠷ︾ ᠬᠡᠮᠡᠬᠦ ᠰᠡᠳᠦᠪ ᠢᠶᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠬᠠᠩᠰᠢ ᠶᠢᠨ ᠰᠣᠶᠣᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠡᠳᠦᠷ ᠪᠣᠯᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠭᠦᠨᠵᠡᠭᠡᠢ ᠠᠭᠤᠰᠤᠯᠴᠠᠭᠤᠯᠤᠨ᠂ ᠰᠢᠨ᠎ᠡ ᠴᠠᠭ ᠦᠶ᠎ᠡ ᠶᠢᠨ ᠤᠶᠤᠨ ᠤ | ᠪᠣᠯᠪᠠᠰᠤᠨ ᠤ ᠪᠠᠶᠢᠭᠤᠯᠤᠯᠲᠠ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ | ᠳ᠋ᠥᠩᠹᠧᠩ ᠪᠠᠯᠭᠠᠰᠤ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠦᠷᠭᠦᠯᠵᠢᠯᠡᠭᠦᠯᠵᠦ᠂ ᠴᠠᠭ | ᠦᠶ᠎ᠡ ᠶᠢᠨ ᠬᠦᠴᠦᠲᠦ ᠲᠠᠭᠤᠨ ᠢ ᠪᠠᠳᠠᠷᠠᠭᠤᠯᠤᠶ᠎ᠠ︾ ᠭᠡᠬᠦ ᠭᠤᠤᠯ ᠰᠡᠳᠦᠪ ᠢᠶᠠᠷ ᠰᠢᠷᠢᠰ ᠠᠵᠢᠯᠯᠠᠭ᠎ᠠ ᠥᠷᠨᠢᠭᠦᠯᠵᠦ᠂ | ᠲᠤᠬᠠᠶ ᠶᠢᠨ ᠲᠠᠯᠠᠪᠠᠶ ᠶᠢᠨ ᠬᠥᠮᠦᠵᠢᠯ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ | ᠤᠯᠤᠰ ᠢᠶᠠᠨ ᠬᠠᠶᠢᠷᠠᠯᠠᠬᠤ ᠬᠥᠮᠦᠵᠢᠯ ᠢ ᠬᠦᠨᠵᠡᠭᠡᠶᠢᠷᠡᠬᠦᠯᠪᠡ᠃ ᠺᠠᠳ᠋ᠷ ᠠᠵᠢᠯᠳᠠᠨ ᠳ᠋ᠦᠩᠹᠧᠩ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠳᠤ ᠬᠦᠷᠴᠦ᠂ ᠬᠠᠩᠰᠢ ᠶᠢᠨ ᠡᠳᠦᠷ ᠤᠨ ᠲᠠᠬᠢᠯᠭ᠎ᠠ ᠥᠷᠨᠢᠭᠦᠯᠵᠦ᠂ ᠦᠷᠡᠭᠳᠡᠭᠰᠡᠨ | ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ | ᠶᠡᠭᠡ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠮᠡᠳᠡᠷᠡᠪᠡ᠃ ᠠᠵᠢᠯᠯᠠᠭ᠎ᠠ ᠨᠢ ᠪᠠᠰᠠ ᠺᠠᠳ᠋ᠷ ᠠᠵᠢᠯᠲᠠᠨ ᠢ ᠵᠣᠬᠢᠶᠠᠨ | ᠪᠠᠶᠢᠭᠤᠯᠤᠨ ᠲᠡᠶᠢᠨ ᠳᠤ ᠪᠡᠯᠡᠳᠬᠡᠬᠦ ᠪᠠᠭᠤᠷᠢ᠂ ᠬᠤᠶᠠᠳᠤᠭᠠᠷ ᠬᠠᠷᠪᠤᠯᠲᠠ ᠶᠢᠨ ᠰᠤᠪᠤᠷᠭ᠎ᠠ ᠵᠡᠷᠭᠡ ᠬᠤᠪᠢᠰᠬᠠᠯ ᠤᠨ | ᠬᠥᠮᠦᠵᠢᠯ ᠤᠨ ᠰᠠᠭᠤᠷᠢᠨ ᠢᠶᠠᠷ ᠲᠣᠭᠤᠷᠢᠨ ᠥᠵᠡᠬᠦᠯᠬᠦ ᠶᠢᠨ ᠬᠠᠮᠳᠤ ᠪᠠᠰᠠ ᠰᠠᠨᠰᠠᠷ ᠤᠨ ᠠᠶᠠᠯᠠᠯ ᠤᠨ | ᠬᠥᠭᠵᠢᠯᠲᠡ ᠶᠢᠨ ᠪᠠᠷᠢᠮᠲᠠᠲᠤ ᠹᠢᠯᠢᠮ ᠢ ᠰᠣᠨᠢᠷᠬᠠᠭᠤᠯᠵᠤ᠂ ᠴᠡᠷᠢᠭ ᠤᠨ ᠬᠤᠸᠡᠷᠡᠨ ᠤ ᠳᠠᠷᠢᠵᠤ ᠲᠡᠵᠢᠭᠡᠬᠦ ᠮᠡᠷᠭᠡᠵᠢᠯ ᠢ | ᠰᠤᠷᠤᠯᠴᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠭᠴᠢᠳ ᠤᠨ ᠬᠤᠪᠢ ᠨᠡᠮᠡᠷᠢ | ᠦᠵᠡᠭᠦᠯᠬᠦ ᠵᠣᠷᠢᠭ ᠰᠠᠨᠠᠭ᠎ᠠ ᠶᠢ ᠥᠨᠨᠡᠬᠦ ᠪᠡᠶᠡᠴᠢᠯᠡᠨ ᠤᠶᠢᠯᠠᠭᠠᠪᠠ᠃ | ᠳ᠋ᠦᠩ ᠹᠧᠩ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠰᠣᠪᠤᠳ᠄ ︽ᠡᠨᠡ | ᠤᠳᠠᠭᠠᠨ ᠤ ᠬᠠᠩᠰᠢ ᠶᠢᠨ ᠰᠢᠷᠢᠰ ᠠᠵᠢᠯᠯᠠᠭ᠎ᠠ ᠪᠠᠷ ᠳᠡᠮᠵᠢᠨ᠂ ᠪᠢᠳᠡ ᠡᠬᠡ ᠣᠷᠣᠨᠴᠢ ᠦᠵᠡᠯ ᠤᠨ ᠬᠥᠮᠦᠵᠢᠯ ᠢ | ᠤᠯᠠᠮ ᠨᠢᠭᠡ ᠠᠯᠬᠤᠮ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠭᠦᠨᠵᠡᠭᠡᠶᠢᠷᠡᠭᠦᠯᠦᠨ᠂ ᠪᠣᠯᠪᠠᠰᠤᠨ | ᠰᠢᠨ᠎ᠡ ᠬᠡᠪ ᠰᠤᠷᠲᠠᠯ ᠢ ᠪᠣᠶ ᠪᠣᠯᠭᠠᠪᠠ᠃ ᠣᠷᠣᠯᠴᠠᠭᠰᠠᠳ ᠪᠠᠰᠠ ᠡᠭᠦᠨ ᠤ ᠳᠤᠮᠳᠠ ᠠᠴᠠ ᠡᠷᠡᠯᠬᠡᠭᠯᠡᠨ | ᠤᠷᠤᠭᠰᠢᠯᠠᠬᠤ ᠬᠦᠴᠦᠨ ᠴᠢᠳᠠᠯ ᠣᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠪᠣᠯᠤᠨ | ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠮᠠᠯᠴᠢᠨ ᠲᠠᠷᠢᠶᠠᠴᠢᠨ ᠲᠦᠮᠡᠨ ᠤ ᠰᠣᠶᠣᠯ ᠤᠨ ᠠᠮᠢᠳᠤᠷᠠᠯ ᠳᠤ ᠭᠦᠨᠵᠡᠭᠡᠶ | ᠠᠭᠤᠰᠤᠯᠴᠠᠬᠤ ᠶᠢ ᠠᠬᠢᠭᠤᠯᠵᠤ᠂ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢᠶᠠᠨ ᠴᠥᠬᠦᠷᠡᠰᠢ ᠥᠬᠡᠶ | ᠰᠠᠶᠢᠲᠤᠷ ᠪᠥᠲᠥᠭᠡᠨ ᠪᠠᠶᠢᠭᠤᠯᠵᠤ᠂ ᠰᠠᠶᠢᠲᠤᠷ ᠰᠠᠬᠢᠨ ᠬᠠᠮᠠᠭᠠᠯᠠᠪᠠ︾ ᠭᠡᠪᠡ᠃ | ᠵᠢᠤᠢ ᠶᠠᠨ ᠨᠡᠶᠢᠭᠡᠮ ᠲᠣᠭᠤᠷᠢᠭ ᠨᠢ ︽ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠵᠤ | ᠪᠣᠯᠪᠠᠰᠤᠨ ᠪᠠᠷ ᠳᠠᠬᠢᠬᠤ ᠶᠢ ᠰᠠᠨᠠᠭᠠᠴᠢᠯᠠᠶ᠎ᠠ︾ ᠭᠡᠬᠦ ᠭᠤᠤᠯ ᠰᠡᠳᠦᠪᠳᠤ ᠣᠨᠴᠠᠯᠢᠭᠲᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠶᠠᠪᠤᠭᠳᠠᠭᠤᠯᠵᠤ᠂ ᠠᠵᠢᠯᠯᠠᠭᠠᠨ ᠨᠢ ᠦᠷᠡᠭᠳᠡᠭᠰᠡᠨ ᠪᠠᠭᠠᠲᠤᠷᠴᠤᠳ ᠤᠨ ᠦᠢᠯᠡ ᠶᠠᠪᠤᠳᠠᠯ ᠢ ᠶᠠᠷᠢᠬᠤ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠬᠤ ᠵᠡᠷᠭᠡ ᠬᠡᠯᠪᠡᠷᠢ ᠪᠠᠷ | ᠰᠠᠭᠤᠭᠠᠯᠢ ᠠᠷᠠᠳ ᠲᠤ ᠪᠣᠯᠪᠠᠰᠤᠨ ᠲᠠᠬᠢᠯᠭ᠎ᠠ ᠶᠢᠨ ᠮᠡᠳᠡᠯᠭᠡ ᠶᠢ ᠳᠥᠬᠡᠮᠡᠯᠵᠢᠯᠡᠬᠦᠯᠦᠨ᠂ ᠰᠠᠭᠤᠭᠠᠯᠢ ᠠᠷᠠᠳ ᠲᠤ | ᠪᠣᠬᠢᠷᠲᠤᠯ ᠥᠬᠡᠶ ᠲᠠᠬᠢᠯᠭ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠭᠠᠯ ᠰᠡᠷᠭᠡᠶᠢᠯᠡᠯᠲᠡ ᠶᠢᠨ ᠠᠮᠤᠷ | ᠲᠦᠪᠰᠢᠨ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠭᠤᠯᠤᠨ᠂ ᠪᠣᠯᠪᠠᠰᠤᠨ | ᠲᠠᠬᠢᠯᠭ᠎ᠠ ᠶᠢᠨ ᠤᠬᠠᠭᠤᠯᠭ᠎ᠠ ᠬᠢᠭᠡᠳ ᠤᠯᠠᠮᠵᠢᠯᠠᠯᠲᠤ ᠵᠠᠩ ᠳᠠᠳᠬᠠᠯ ᠢ ᠨᠢᠭᠲᠠ ᠠᠭᠤᠰᠤᠯᠴᠠᠭᠤᠯᠵᠤ᠂ ᠪᠣᠯᠪᠠᠰᠤᠨ᠂ | ᠡᠶ᠎ᠡ ᠵᠣᠬᠢᠴᠠᠩᠭᠤᠶ᠂ ᠪᠣᠬᠢᠷᠲᠤᠯ ᠥᠬᠡᠶ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠪᠠᠶᠢᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠪᠡ᠃ | ᠰᠠᠭᠤᠭᠠᠯᠢ ᠠᠷᠠᠳ ᠵᠦ ᠬᠦᠶ ᠰᠢᠶᠠᠩ᠄ ︽ᠡᠨᠡ ᠬᠦ ᠠᠵᠢᠯᠯᠠᠭ᠎ᠠ ᠳᠡᠭᠡᠷ᠎ᠡ ᠣᠯᠠᠨ ᠢᠶᠠᠷ ᠢᠶᠠᠨ ᠬᠠᠩᠰᠢ ᠶᠢᠨ | ᠡᠳᠦᠷ ᠤᠨ ᠢᠳᠡᠭᠡᠨ ᠢ ᠠᠮᠳᠠᠯᠠᠬᠤ᠂ ᠴᠠᠭᠠᠰᠤᠨ ᠰᠢᠪᠠᠭᠤ ᠨᠢᠰᠬᠡᠬᠦ ᠵᠡᠷᠭᠡ ᠠᠯᠢ ᠣᠯᠠᠨ ᠬᠥᠳᠡᠯᠭᠡᠭᠡᠨ ᠶᠢ | ᠶᠠᠪᠤᠭᠳᠠᠭᠤᠯᠵᠤ ᠬᠠᠩᠰᠢ ᠶᠢᠨ ᠡᠳᠦᠷ ᠢ ᠬᠠᠮᠳᠤ ᠳᠤ ᠪᠠᠨ ᠤᠳᠬ᠎ᠠ ᠠᠭᠤᠯᠭ᠎ᠠ ᠲᠠᠢ ᠳᠡᠮᠳᠡᠭᠯᠡᠬᠦ ᠶᠢᠨ ᠳᠠᠭᠠᠤ ᠪᠠᠰᠠ | ᠮᠠᠰᠢ ᠶᠡᠭᠡ ᠬᠥᠮᠦᠵᠢᠯ ᠬᠦᠷᠲᠡᠭᠰᠡᠨ ᠪᠠᠶᠢᠨ᠎ᠠ︾ ᠭᠡᠪᠡ᠃ | ᠰᠠᠶᠢᠬᠠᠨᠳᠤᠤᠷᠠᠢ ᠵᠠᠮ ᠤᠨ ᠨᠡᠶᠢᠭᠡᠮ ᠲᠣᠭᠤᠷᠢᠭ ᠪᠠ ᠬᠤᠰᠢᠭᠤᠨ ᠤ ᠤᠯᠠᠭᠠᠨᠮᠥ᠋ᠴᠢᠷ ᠬᠠᠮᠳᠤᠷᠠᠨ᠂ ᠬᠤᠤ ᠶᠡᠩ | ᠬᠤᠸᠠ ᠶᠤᠸᠠᠨ ᠰᠠᠭᠤᠭᠠᠯᠢ ᠠᠷᠠᠳ ᠤᠨ ᠠᠭᠤᠳᠠᠮ ᠲᠠᠯᠠᠪᠠᠶ ᠳᠤ ᠤᠷᠠᠨ ᠰᠠᠶᠢᠬᠠᠨ ᠤ ᠲᠣᠭᠯᠠᠯᠲᠠ ᠵᠢᠴᠢ ᠬᠡᠪ | ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠥᠳᠡᠯᠭᠡᠭᠡᠨ ᠤ ᠠᠬᠤᠶ ᠲᠠᠯᠠᠪᠠᠶ ᠳᠤ᠂ | ᠣᠯᠠᠭᠠᠨᠮᠥ᠋ᠴᠢᠷ ᠤᠨ ᠳᠣᠭᠯᠠᠭᠴᠢᠳ ᠠᠴᠠ ᠬᠠᠮᠳᠤ ᠶᠢᠨ ᠪᠦᠵᠢᠭ᠂ ᠭᠤᠴᠤᠯᠠᠯ ᠳᠠᠭᠤᠤ᠂ ᠮᠤᠷᠢᠨ ᠬᠤᠭᠤᠷ ᠤᠨ | ᠬᠥᠭᠵᠢᠮᠳᠡᠯ ᠵᠡᠷᠭᠡ ᠥᠪᠡᠷᠮᠢᠴᠡ ᠣᠨᠴᠠᠯᠢᠭ ᠲᠠᠢ ᠤᠯᠠᠨ ᠰᠠᠶᠢᠬᠠᠨ ᠳᠣᠭᠯᠠᠯᠳᠠ ᠶᠢ ᠬᠦᠮᠦᠰ ᠤᠨ ᠬᠠᠷᠠᠭᠠᠨ ᠳᠤ | ᠬᠦᠷᠬᠡᠵᠦ᠂ ᠤᠯᠠᠮᠵᠢᠯᠠᠯ ᠪᠣᠯᠤᠨ ᠤᠳᠤ ᠦᠶ᠎ᠡ ᠶᠢᠨ ᠳᠠᠭᠤᠤ ᠬᠥᠭᠵᠢᠮ ᠢ ᠤᠷᠠᠨ ᠢᠶᠠᠷ ᠠᠭᠤᠰᠤᠯᠴᠠᠭᠤᠯᠤᠨ᠂ ᠪᠠᠶᠠᠷ | ᠪᠠᠭ᠋ᠠᠳᠤᠯ ᠪᠣᠯᠤᠨ ᠪᠣᠯᠪᠠᠰᠤᠨ ᠢ ᠰᠠᠭᠤᠭᠠᠯᠢ ᠠᠷᠠᠳ ᠲᠤ ᠳᠠᠮᠵᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠢᠶᠠᠷ | ᠳᠠᠬᠢᠬᠤ ᠪᠣᠯᠤᠨ ᠣᠷᠣᠰᠢᠭᠤᠯᠭ᠎ᠠ ᠶᠢᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠶᠢ ᠬᠦᠳᠦᠯᠦᠨ ᠵᠢᠯᠣᠭᠤᠳᠪᠠ᠃ | ᠨᠠᠷᠢᠨᠭᠤᠤᠯ ᠨᠡᠶᠢᠭᠡᠮ ᠲᠣᠭᠤᠷᠢᠭ ᠤᠨ ᠬᠢᠨ ᠪᠠᠰᠠ ︽ᠣᠳᠪᠠᠯᠠ ᠴᠡᠴᠡᠭ ᠬᠠᠳᠬᠤᠨ ᠳᠤᠷᠠᠰᠤᠮᠵᠢ ᠪᠠᠨ | ᠢᠯᠡᠳᠬᠡᠵᠦ᠂ ᠬᠡᠦᠬᠡᠳ ᠤᠨ ᠥᠩᠭᠡ ᠪᠤᠳᠤᠭ ᠢᠶᠠᠷ ᠬᠠᠩᠰᠢ ᠶᠢᠨ ᠡᠳᠦᠷ ᠢ ᠵᠢᠷᠤᠭᠯᠠᠬᠤ︾ ᠭᠤᠣᠯ ᠰᠡᠳᠦᠪᠳᠤ | ᠠᠵᠢᠯᠯᠠᠭ᠎ᠠ ᠥᠷᠨᠢᠬᠦᠯᠪᠡ᠃ ᠠᠵᠢᠯᠯᠠᠭ᠎ᠠ ᠨᠢ ᠤᠯᠠᠨ ᠳᠤ ᠴᠡᠴᠡᠭ ᠬᠠᠳᠬᠤᠭᠤᠯᠬᠤ᠂ ᠬᠡᠪ ᠵᠠᠩᠰᠢᠯ ᠢ ᠥᠭᠡᠷᠡᠴᠢᠯᠡᠬᠦ | ᠤᠬᠠᠭᠤᠯᠭ᠎ᠠ ᠶᠢᠨ ᠮᠠᠲ᠋ᠧᠷᠢᠶᠠᠯ ᠢ ᠳᠠᠷᠬᠠᠭᠠᠬᠤ ᠵᠡᠷᠭᠡ ᠪᠠᠷ ᠳᠠᠮᠵᠢᠭᠤᠯᠤᠨ᠂ ᠪᠣᠯᠪᠠᠰᠤᠨ ᠣᠷᠣᠰᠢᠭᠤᠯᠭ᠎ᠠ ᠶᠢᠨ | ᠣᠶᠢᠯᠠᠭᠠᠭᠳᠠᠬᠤᠨ᠂ ᠤᠯᠠᠮᠵᠢᠯᠠᠯᠲᠤ ᠰᠣᠶᠣᠯ ᠤᠨ ᠷᠢᠳᠢ ᠰᠢᠳᠢ᠂ ᠦᠨ᠎ᠡ ᠥᠷᠲᠡᠭ ᠢ ᠥᠨᠨᠡᠬᠦ ᠮᠡᠳᠡᠷᠡᠭᠦᠯᠵᠦ᠂ ᠡᠶ᠎ᠡ | ᠵᠣᠬᠢᠴᠠᠩᠭᠤᠶ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠬᠠᠮᠲᠤ ᠪᠠᠷ ᠪᠣᠶ | ᠪᠣᠯᠭᠠᠪᠠ᠃ | ᠳᠠᠯᠠᠶᠢᠬᠦ᠋ᠪ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠤᠷᠭᠤᠭ᠎ᠠ᠄ | ︽ᠬᠤᠶᠢᠰᠢᠳᠠ ᠶᠢᠨ ᠠᠵᠢᠯ ᠳᠤᠮᠳᠠ ᠪᠠᠨ᠂ ᠲᠠᠯᠠᠶᠢᠬᠦᠪ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠤᠶᠢᠯᠡᠳᠦᠯᠬᠡ ᠶᠢᠨ ᠭᠠᠵᠠᠷ ᠦᠷᠭᠦᠯᠵᠢᠯᠡᠨ ᠬᠦᠴᠦᠯᠡᠵᠦ᠂ ᠨᠢᠭᠡ ᠲᠠᠯ᠎ᠠ ᠪᠠᠷ ᠤᠬᠠᠭᠤᠯᠬᠤ ᠡᠷᠴᠢᠮ ᠢᠶᠠᠨ ᠤᠯᠠᠮ | ᠨᠢᠭᠡ ᠠᠯᠬᠤᠮ ᠬᠦᠨᠵᠡᠭᠡᠶᠢᠷᠡᠬᠦᠯᠦᠨ᠂ ᠵᠠᠩ ᠳᠠᠳᠬᠠᠯ ᠢ ᠥᠭᠡᠷᠡᠴᠢᠯᠡᠬᠦ ᠣᠶᠢᠯᠠᠭᠠᠭᠳᠠᠬᠤᠨ ᠢ ᠪᠥᠬᠦ ᠲᠠᠯ᠎ᠠ ᠪᠠᠷ | ᠲᠦᠭᠡᠮᠡᠯᠵᠢᠭᠦᠯᠵᠦ᠂ ᠬᠠᠩᠰᠢ ᠶᠢᠨ ᠡᠳᠦᠷ ᠲᠤ ᠠᠩᠬᠠᠷᠤᠯ ᠢᠶᠠᠨ ᠳᠥᠪᠯᠠᠷᠡᠬᠦᠯᠬᠦ ᠪᠠᠷ ᠪᠠᠷᠠᠬᠤ ᠥᠬᠡᠶ᠂ ᠨᠠᠩ ᠴᠤ | ᠡᠳᠦᠷ ᠲᠤᠲᠤᠮ ᠤᠨ ᠬᠡᠪ ᠵᠠᠩᠰᠢᠯ ᠳᠤ ᠠᠭᠤᠰᠤᠯᠴᠠᠭᠤᠯᠬᠤ ᠪᠣᠯᠣᠨ᠎ᠠ᠃ ᠨᠥᠭᠦᠭᠡ ᠲᠠᠯ᠎ᠠ ᠪᠠᠷ ᠡᠯ᠎ᠡ ᠲᠥᠷᠥᠯ ᠤᠨ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠢ | ᠬᠥᠲᠥᠯᠥᠨ ᠵᠢᠯᠣᠭᠤᠳᠴᠤ ᠪᠠᠶᠢᠭᠠᠳ ᠣᠷᠣᠯᠴᠠᠬᠤ ᠶᠠᠪᠤᠴᠠ ᠳᠤ ᠪᠣᠯᠪᠠᠰᠤᠨ ᠤᠬᠠᠮᠰᠠᠷ ᠢ ᠨᠢ ᠪᠤᠶ ᠪᠣᠯᠭᠠᠨ᠎ᠠ᠃ | ᠡᠲᠡᠭᠡᠷ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠬᠠᠭᠤᠴᠢᠨ | ᠶᠣᠰᠣ ᠪᠦᠳᠦᠭᠦᠯᠢᠭ ᠵᠠᠩ ᠢᠶᠠᠨ ᠲᠠᠶᠠᠭᠳᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ᠂ ᠵᠢᠵᠢᠭ ᠶᠠᠪᠣᠳᠠᠯ ᠠᠴᠠ | ᠡᠬᠢᠯᠡᠨ ᠬᠢᠬᠦ ᠰᠢᠨ᠎ᠡ ᠴᠠᠭ ᠦᠶ᠎ᠡ ᠶᠢᠨ ᠪᠣᠯᠪᠠᠰᠤᠨ ᠬᠥᠮᠦᠨ ᠪᠣᠯᠭᠠᠵᠤ᠂ ᠪᠣᠯᠪᠠᠰᠤᠨ᠂ ᠡᠶ᠎ᠡ ᠵᠣᠬᠢᠴᠠᠯ ᠲᠠᠢ | ᠨᠡᠶᠢᠭᠡᠮ ᠤᠨ ᠰᠢᠨ᠎ᠡ ᠬᠡᠪ ᠰᠤᠷᠲᠠᠯ ᠢ ᠬᠠᠮᠲᠤ ᠪᠠᠷ ᠪᠣᠶ ᠪᠣᠯᠭᠠᠬᠤ ᠶᠢ ᠰᠠᠨᠠᠭᠠᠴᠢᠯᠠᠬᠤ ᠪᠤᠯᠤᠨ᠎ᠠ︾ ᠭᠡᠪᠡ᠃ | ᠡᠵᠡᠨ᠎ᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠲᠥᠪ ᠤᠨ ᠡᠷᠬᠢᠯᠡᠭᠴᠢ ᠯᠥᠸᠧ ᠬᠦᠶ ᠵᠢᠤᠸᠠᠨ᠄ ︽ᠡᠵᠡᠨ᠎ᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠤᠶᠢᠯᠡᠳᠦᠯᠬᠡ ᠶᠢᠨ ᠲᠥᠪ ︵ᠭᠠᠵᠠᠷ᠂ ᠥᠷᠲᠡᠭᠡ︶ ᠠᠴᠠ ᠪᠢᠳᠡᠨ ᠤ ᠪᠠᠶᠠᠷ ᠤᠨ ᠡᠳᠦᠷ ᠤᠨ ᠬᠠᠩᠰᠢ ᠶᠢᠨ | ᠰᠣᠶᠣᠯ ᠤᠨ ᠰᠢᠷᠢᠰ ᠠᠵᠢᠯᠯᠠᠭ᠎ᠠ ᠢ ᠡᠷᠬᠢᠯᠡᠪᠡ᠃ ᠭᠤᠣᠯ ᠨᠢ ᠣᠯᠠᠨ ᠲᠦᠮᠡᠨ ᠳᠤ ᠤᠯᠠᠮᠵᠢᠯᠠᠯᠲᠤ ᠪᠠᠶᠠᠷ ᠤᠨ | ᠡᠳᠦᠷ ᠤᠨ ᠥᠪᠡᠷᠮᠢᠴᠡ ᠷᠢᠳᠢ ᠰᠢᠳᠢ ᠶᠢ ᠭᠦᠨ ᠮᠡᠳᠡᠷᠡᠭᠦᠯᠬᠦ ᠶᠢᠨ ᠬᠠᠮᠲᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠤᠨ᠂ ᠬᠡᠪ ᠵᠠᠩᠰᠢᠯ ᠢ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠪᠣᠯᠪᠠᠰᠤᠨ᠂ ᠡᠷᠡᠭᠦᠯ᠂ ᠥᠭᠡᠳᠡᠷᠬᠡᠭ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠳᠦᠯᠦᠭᠡ ᠶᠤᠮ︾ ᠭᠡᠪᠡ᠃ |