ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 2᠎ ᠤᠨ ᠡᠳᠦᠷ᠂ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠦᠳᠦᠭᠡᠯᠴᠢ ᠬᠤᠷᠠᠯ ᠢ ᠡᠷᠭᠢᠯᠡᠵᠦ᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠬᠤᠷᠠᠯ ᠳᠤ ᠰᠤᠯᠠ ᠪᠠᠷ ᠣᠷᠣᠯᠴᠠᠵᠠᠶ᠃    ᠬᠤᠷᠠᠯ ᠳᠤ᠂ ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽2024 ᠣᠨ ᠤ ᠪᠥᠬᠦ ᠬᠤᠰᠢᠭᠤᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽2023 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾᠎ ᠢ ᠰᠣᠨᠣᠰᠴᠤ ᠬᠢᠨᠠᠨ ᠵᠥᠪᠯᠡᠪᠡ᠃ ︽ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ ᠠᠵᠢᠯ ᠤᠨ ᠲᠦᠷᠢᠮ︾᠎ ᠢ ᠬᠢᠨᠠᠨ ᠵᠥᠪᠯᠡᠪᠡ︔ ᠪᠠᠰᠠ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠤᠷᠠᠯ ᠤᠨ ᠵᠥᠪᠯᠡᠯᠭᠡ ᠶᠢ ᠬᠢᠨᠠᠨ ᠪᠠᠳᠣᠯᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠡᠵᠡᠨ᠎ᠡ ᠬᠤᠰᠢᠭᠤᠨ ᠤ ᠬᠢᠮᠳᠠ ᠲᠦᠷᠢᠶᠡᠰᠦᠨ ᠣᠷᠣᠨ ᠰᠠᠭᠤᠴᠠ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ︾᠎ ᠢ ᠳᠡᠩᠰᠡᠯᠡᠵᠦ ᠬᠢᠨᠠᠨ ᠪᠠᠶᠢᠴᠠᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠦᠪ ᠤᠨ ᠠᠵᠢᠯ ᠤᠨ ᠵᠥᠪᠯᠡᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠡᠵᠡᠨ᠎ᠡ ᠬᠤᠰᠢᠭᠤᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠬᠤ ᠲᠤᠬᠠᠶ ᠮᠡᠳᠡᠭᠦᠯᠦᠯᠲᠡ ᠶᠢ ᠰᠣᠨᠣᠰᠪᠠ᠃    ᠬᠤᠷᠠᠯ ᠳᠤ ᠡᠦ ᡁᠢ ᠪᠥᠸᠧ ᠨᠥᠬᠦᠷ ᠢ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ᠂ ᠯᠢ ᠵᠦᠩ ᠨᠢᠶᠠᠨ ᠨᠥᠬᠦᠷ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ᠂ ᠡᠷᠳᠠᠨᠢᠡᠭᠤᠯᠡ ᠨᠥᠬᠦᠷ ᠢ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ᠂ ᠸᠠᠩ ᠮᠧᠩ ᠵᠢᠶᠧ ᠨᠥᠬᠦᠷ ᠢ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠮᠠ ᠴᠢᠶᠠᠩ ᠨᠥᠬᠦᠷ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠶᠢᠨ ᠰᠢᠶᠣᠤ ᠾᠦᠢ ᠨᠥᠬᠦᠷ ᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂᠎ ᠶᠢᠨ ᠵᠢᠶᠦ᠋ᠨ ᠬᠠᠢ ᠨᠥᠬᠦᠷ ᠢ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠢᠶᠠᠷ ᠲᠣᠮᠢᠯᠠᠪᠠ᠃    ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠠᠴᠠ ᠪᠣᠯᠵᠣ ᠡᠷᠳᠠᠨᠢᠡᠭᠤᠯᠡ ᠨᠥᠬᠦᠷ ᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ᠂ ᠸᠠᠩ ᠬᠤᠩ ᠶᠢᠩ ᠨᠥᠬᠦᠷ ᠤᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ᠂ ᠪᠣᠯᠣᠳᠪᠠᠭᠠᠳᠤᠷ ᠨᠥᠬᠦᠷ ᠤᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ᠂ ᠵᠣᠣ ᠴᠦᠨ ᠯᠢ ᠨᠥᠬᠦᠷ ᠤᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ᠂ ᠮᠠ ᠴᠢᠶᠠᠩ ᠨᠥᠬᠦᠷ ᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ᠂ ᠬᠤᠤᠰᠪᠠᠭᠠᠨ᠎ᠠ ᠨᠥᠬᠦᠷ ᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠶᠢᠨ ᠲᠤᠰᠢᠶᠠᠯ᠂ ᠪᠠᠲᠤᠰᠦ᠋ᠬᠡ ᠨᠥᠬᠦᠷ ᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠨᠢ ᠪᠠᠭᠤᠯᠭᠠᠪᠠ︔ ᠯᠦ ᠹᠠᠩ ᠹᠠᠩ ᠨᠥᠬᠦᠷ᠂ ᠴᠠᠢ ᠱᠣᠣ ᠨᠠᠨ ᠨᠥᠬᠦᠷ᠂ ᠸᠠᠩ ᠭᠠᠩ ᠨᠥᠬᠦᠷ ᠤᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠤ ᠲᠤᠰᠢᠶᠠᠯ ᠠᠴᠠ ᠪᠠᠭᠤᠯᠭᠠᠪᠠ᠃    ᠬᠤᠷᠠᠯ ᠳᠤ ᠺᠠᠩ ᠳ᠋ᠦᠩ ᠨᠥᠬᠦᠷ ᠤᠨ ᠬᠤᠰᠢᠭᠤᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠡᠷᠭᠦᠳᠡᠯ ᠢ ᠬᠦᠯᠢᠶᠡᠵᠡᠶ︔ ᠴᠡᠭᠴᠡᠤᠬᠡᠢ ᠨᠥᠬᠦᠷ᠂ ᠸᠠᠩ ᠶᠦᠩ ᠨᠥᠬᠦᠷ᠂ ᠴᠧᠨ ᠴᠢᠶᠠᠩ ᠨᠥᠬᠦᠷ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌‍ᠲ᠋ᠥ᠋ᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠴᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠥᠬᠦᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠥᠬᠦᠳ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ ᠴᠠᠭᠠᠵᠠ ᠶᠢᠨ ᠰᠢᠯᠭᠠᠯᠲᠠ ᠬᠢᠭᠰᠡᠨ ᠪᠥᠭᠡᠳ ᠬᠤᠷᠠᠯ ᠳᠡᠭᠡᠷ᠎ᠡ ᠲᠤᠰᠢᠶᠠᠯ ᠡᠭᠦᠷᠭᠡᠯᠡᠬᠦ ᠶᠠᠷᠢᠶ᠎ᠠ ᠲᠠᠯᠪᠢᠵᠤ᠂ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号