4 ᠰᠠᠷ᠎ᠠ ᠶᠢᠨ 2 ᠤᠨ ᠡᠳᠦᠷ ᠠᠴᠠ 4 ᠰᠠᠷ᠎ᠠ ᠶᠢᠨ 3 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ | ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠠᠯᠠᠱᠠ ᠶᠢᠨ | ᠪᠠᠶᠢᠴᠠᠭᠠᠯᠲᠠ ᠶᠢᠨ ᠠᠩᠭᠢ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠵᠢᠴᠢ | ᠵᠠᠩᠭᠢᠯᠠᠭ᠎ᠠ ᠶᠢᠨ ᠺᠠᠳ᠋ᠷᠴᠤᠳ ᠲᠠᠢ ᠶᠠᠷᠢᠯᠴᠠᠨ ᠰᠣᠯᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ | ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠰᠣᠨᠣᠰᠴᠤ᠂ ᠭᠤᠤᠯᠳᠠᠯᠭ᠎ᠠ ᠲᠠᠢ ᠠᠵᠢᠯ ᠲᠠᠢ ᠨᠢᠭᠲᠠ | ᠤᠶᠠᠯᠳᠤᠭᠤᠯᠤᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ | ᠪᠦᠲᠦᠭᠡᠵᠦ᠂ ᠡᠯ᠎ᠡ ᠵᠦᠢᠯ ᠤᠨ ᠡᠭᠦᠷᠭᠡ ᠶᠢ ᠪᠡᠶᠡᠯᠡᠬᠦᠯᠬᠦ ᠬᠤᠷᠳᠤᠴᠠ ᠪᠠᠨ ᠳᠦᠷᠭᠡᠳᠭᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ | ᠠᠯᠠᠱᠠ ᠶᠢᠨ ᠪᠠᠶᠢᠴᠠᠭᠠᠯᠲᠠ ᠶᠢᠨ ᠠᠩᠭᠢ ᠳᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠵᠠᠰᠠᠬᠤ ᠶᠢ | ᠪᠠᠷᠢᠮᠲᠠᠯᠠᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ᠂ ᠪᠠᠯᠠ ᠣᠷᠣᠭᠤᠯᠤᠯᠲᠠ ᠬᠡᠷᠡᠭᠯᠡᠭᠡ᠂ ᠰᠠᠭᠤᠭᠠᠯᠢ | ᠠᠷᠠᠳ ᠤᠨ ᠣᠷᠣᠯᠭ᠎ᠠ ᠵᠠᠷᠤᠯᠭ᠎ᠠ ᠵᠡᠷᠭᠡ ᠬᠦᠷᠢᠶᠡᠨ ᠳᠤ᠂ ᠲᠤᠭ᠎ᠠ ᠪᠦᠷᠢᠳᠬᠡᠯ ᠤᠨ ᠳᠠᠯᠳᠠ ᠬᠦᠴᠦᠨ ᠢ ᠭᠦᠨᠵᠡᠭᠡᠶ | ᠠᠭᠤᠳᠠᠯᠵᠤ᠂ ᠵᠣᠬᠢᠴᠠᠭᠤᠯᠤᠨ ᠵᠣᠯᠭᠠᠭᠤᠯᠬᠤ ᠶᠢ ᠰᠠᠶᠢᠲᠤᠷ ᠬᠢᠵᠦ᠂ ᠲᠠᠰ ᠳᠡᠪᠰᠢᠭᠦᠯᠦᠨ ᠪᠦᠷᠢᠳᠬᠡᠯ ᠳᠤ | ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠭᠡᠬᠦ ᠬᠡᠷᠡᠭᠲᠡᠶ᠃ | ᠲᠤᠭ᠎ᠠ ᠪᠦᠷᠢᠳᠬᠡᠯ ᠪᠠ ᠪᠠᠶᠢᠴᠠᠭᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ | ᠡᠮᠦᠨ᠎ᠡ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠵᠢᠯ ᠤᠨ ᠳᠤᠮᠳᠠ ᠨᠠᠷᠢᠯᠢᠭ ᠣᠨᠣᠪᠴᠢᠳᠠᠢ ᠪᠠᠷ | ᠲᠤᠰᠬᠠᠵᠤ᠂ ᠠᠵᠢᠯ ᠤᠨ ᠳᠠᠷᠠᠭ᠎ᠠ ᠵᠠᠳᠠᠯᠤᠨ ᠰᠢᠨᠵᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠤ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠳᠡᠭᠦᠨ ᠲᠠᠢ ᠠᠭᠤᠰᠤᠯᠴᠠᠵᠤ᠂ ᠲᠥᠷᠥ ᠶᠢᠨ ᠪᠣᠳᠣᠯᠭ᠎ᠠ ᠶᠢ | ᠨᠡᠪᠲᠡᠷᠡᠲᠡᠯ᠎ᠡ ᠣᠶᠢᠯᠠᠭᠠᠬᠤ᠂ ᠶᠠᠪᠤᠴᠠ ᠶᠢ ᠰᠢᠯᠢᠳᠡᠭᠵᠢᠭᠦᠯᠬᠦ᠂ ᠨᠠᠷᠢᠯᠢᠭ ᠣᠨᠣᠪᠴᠢᠳᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ᠂ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠪᠴᠠᠩ | ᠪᠠᠶᠢᠭᠤᠯᠬᠤ᠂ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠬᠦ᠂ ᠪᠦᠷᠢᠳᠬᠡᠯ ᠳᠤ ᠣᠷᠣᠭᠤᠯᠬᠤ ᠶᠢ ᠠᠳᠬᠤᠬᠤ | ᠳᠣᠭᠤᠷᠢᠨ ᠳᠤ ᠭᠡᠷᠡᠭᠯᠡᠭᠡ ᠶᠢ ᠠᠬᠢᠭᠤᠯᠬᠤ ᠶᠢ ᠳᠦᠷᠭᠡᠳᠬᠡᠨ ᠲᠠᠰ ᠳᠡᠪᠰᠢᠬᠦᠯᠵᠦ᠂ ᠪᠣᠭᠤᠮᠲᠠ ᠶᠢᠨ ᠠᠵᠤ ᠠᠬᠤᠶ ᠶᠢ | ᠪᠤᠵᠠᠭᠠᠶᠢᠷᠠᠭᠤᠯᠬᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠳᠣᠲᠣᠷ ᠭᠠᠵᠠᠷ ᠲᠠᠢ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠣᠭᠤᠷᠢᠨ ᠳᠤ ᠨᠡᠭᠡᠭᠡᠯᠲᠡ ᠬᠢᠵᠦ ᠬᠥᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠬᠤᠳᠠᠯᠳᠤᠭᠠᠨ ᠤ ᠶᠠᠪᠤᠳᠠᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠂ ᠭᠠᠵᠠᠷ ᠣᠷᠣᠨ ᠤ ᠲᠠᠯᠠᠪᠠᠢ ᠶᠡᠭᠡ᠂ ᠨᠡᠭᠡᠭᠡᠨ | ᠠᠰᠢᠭᠯᠠᠬᠤ ᠣᠷᠣᠨ ᠵᠠᠢ ᠥᠷᠭᠡᠨ ᠵᠡᠷᠭᠡ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ | ᠪᠤᠳᠤᠬᠤ ᠤᠬᠠᠮᠰᠠᠷ ᠢᠶᠠᠷ ᠭᠠᠵᠠᠷ ᠰᠢᠷᠣᠢ ᠶᠢᠨ ᠡᠵᠡᠩᠨᠡᠯᠲᠡ ᠶᠢᠨ ᠠᠵᠢᠯ ᠢ ᠰᠠᠶᠢᠲᠤᠷ ᠬᠢᠵᠦ᠂ ᠨᠡᠩ ᠤᠯᠠᠨ ᠦᠷ᠎ᠡ | ᠪᠦᠲᠦᠭᠡᠯ ᠭᠠᠷᠭᠠᠵᠤ᠂ ᠨᠡᠩ ᠤᠯᠠᠨ ᠣᠯᠠᠷᠢᠭᠤᠯᠣᠯᠳᠠ ᠪᠠᠷ ᠭᠤᠣᠯᠳᠠᠯᠭ᠎ᠠ ᠪᠣᠯᠭᠠᠨ ᠰᠢᠨ᠎ᠡ ᠨᠢᠭᠡ ᠡᠭᠡᠯᠵᠢ ᠶᠢᠨ | ᠠᠭᠤᠷᠬᠠᠢ ᠡᠷᠢᠬᠦ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠯᠤᠰ ᠤᠨ ᠨᠣᠳᠤᠭ | ᠳᠡᠪᠢᠰᠭᠡᠷ ᠤᠨ ᠣᠷᠣᠨ ᠵᠠᠢ ᠶᠢ ᠳᠦᠯᠦᠪᠵᠢᠬᠦᠯᠬᠦ ᠬᠠᠮᠢᠶᠠᠷᠬᠤ ᠡᠵᠡᠮᠳᠡᠬᠦ ᠶᠢ ᠴᠢᠩᠭᠠᠳᠬᠠᠵᠤ᠂ ᠬᠦᠴᠦᠨ ᠵᠦᠢᠯ ᠤᠨ | ᠦᠢᠯᠡᠴᠢᠯᠡᠭᠡ ᠪᠠᠲᠤᠯᠠᠭ᠎ᠠ ᠶᠢ ᠳᠡᠭᠡᠭᠰᠢᠯᠡᠭᠦᠯᠵᠦ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠰᠠᠶᠢᠲᠤᠷ | ᠠᠳᠬᠤᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠰᠢᠨ᠎ᠡ ᠪᠠᠶᠢᠳᠠᠯ ᠢ ᠦᠷᠭᠦᠯᠵᠢᠯᠡᠨ ᠡᠭᠦᠳᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠸᠠᠩ ᠶᠠ ᠯᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠲᠤᠬᠠᠢ | ᠱᠠᠭᠠᠷᠳᠠᠯᠭ᠎ᠠ ᠳᠤᠷᠠᠳᠴᠤ᠂ ᠡᠯ᠎ᠡ ᠨᠢᠭᠡᠴᠡ ᠶᠢᠨ ᠬᠢᠨ ᠰᠣᠷᠣᠯᠴᠠᠬᠤ ᠪᠠᠶᠢᠴᠠᠭᠠᠬᠤ ᠵᠠᠰᠠᠬᠤ ᠡᠯ᠎ᠡ ᠵᠦᠢᠯ ᠤᠨ ᠠᠵᠢᠯ ᠢ | ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠠᠭ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠡᠩᠨᠡᠭᠡ ᠶᠢ ᠰᠠᠶᠢᠲᠤᠷ ᠳᠠᠭᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠣᠷᠴᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠢᠮᠠᠭ ᠤᠨ | ᠤᠳᠤᠷᠢᠳᠤᠯᠭ᠎ᠠ ᠸᠧᠶ ᡁᠢ ᠭᠦᠸᠧ᠂ ᠪᠦᠦ ᠶᠧ᠂ ᠯᠢᠦ ᠴᠥᠩ ᠰᠢᠶᠤᠤ ᠣᠷᠣᠯᠴᠠᠪᠠ᠃ |