ᠡᠵᠡᠨ᠎ᠡ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2025 ᠣᠨ ᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠵᠤ ᠳᠤᠷᠠᠰᠤᠨ ᠰᠠᠨᠠᠭᠠᠯᠵᠠᠬᠤ ᠰᠠᠷ᠎ᠠ ᠶᠢᠨ ᠤᠬᠠᠭᠤᠯᠭ᠎ᠠ ᠲᠦᠭᠡᠮᠡᠯᠵᠢᠭᠦᠯᠦᠯᠲᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/8
    ︽ᠬᠦᠮᠦᠡᠯᠢᠭ ᠦᠵᠡᠯ᠂ ᠲᠦᠭᠡᠮᠡᠯ ᠬᠠᠶᠢᠷ᠎ᠠ᠂ ᠨᠡᠮᠡᠷᠢ ᠬᠠᠨᠳᠢᠪ︾᠎ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢᠳ ᠢ ᠳᠤᠷᠠᠰᠤᠨ ᠰᠠᠨᠠᠭᠠᠯᠵᠠᠵᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠲᠠ᠂ 4 ᠰᠠᠷ᠎ᠠ ᠶᠢᠨ 3᠎ ᠤ ᠡᠳᠦᠷ᠂ ︽ᠠᠮᠢ ᠨᠠᠰᠤ ᠬᠦᠰᠡᠯ ᠡᠷᠡᠮᠡᠯᠵᠡᠯ ᠢ ᠬᠥᠭᠡᠭᠡᠴᠡᠯᠳᠦᠬᠦ︾ 2025 ᠣᠨ ᠤ ᠡᠵᠡᠨ᠎ᠡ ᠬᠤᠰᠢᠭᠤᠨ ᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠰᠠᠨ ᠳᠤᠷᠠᠰᠬᠠᠯ ᠤᠨ ᠰᠠᠷ᠎ᠠ ᠵᠢᠴᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ︽ᠡᠯᠡᠰᠦᠨ ᠴᠥᠯ ᠤᠨ ᠲᠤᠤᠷᠠᠶ ᠶᠢᠨ ᠠᠮᠢ ᠨᠠᠰᠤᠨ ᠤ ᠮᠠᠭᠲᠠᠭᠠᠯ︾᠎ ᠤᠨ ᠤᠬᠠᠭᠤᠯᠭ᠎ᠠ ᠶᠢᠨ ᠬᠦᠷᠢᠶᠡᠯᠡᠩ ᠳᠤ ᠶᠠᠪᠤᠭᠳᠠᠪᠠ᠃ ᠬᠤᠰᠢᠭᠤᠨ ᠤ ᠳᠡᠳ᠋ ᠳᠠᠷᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠶᠧ ᠢᠦᠶ ᠰᠢᠶᠠ ᠠᠵᠢᠯᠯᠠᠭᠠᠨ ᠳᠤ ᠣᠷᠣᠯᠴᠠᠵᠤ ᠪᠠᠶᠠᠷ ᠤᠨ ᠦᠭᠡ ᠬᠡᠯᠡᠪᠡ᠃    ᠠᠵᠢᠯᠯᠠᠭ᠎ᠠ ᠨᠢ ᠲᠥᠪ ᠶᠡᠬᠡᠮᠰᠦᠭ ᠠᠭᠤᠷ ᠠᠮᠢᠰᠬᠤᠯ ᠤᠨ ᠳᠤᠮᠳᠠ ᠬᠥᠰᠢᠭᠡ ᠪᠠᠨ ᠰᠡᠭᠦᠵᠦ᠂ ᠶᠧ ᠢᠦᠶ ᠰᠢᠶᠠ ᠪᠠᠶᠠᠷ ᠤᠨ ᠦᠭᠡ ᠬᠡᠯᠡᠵᠦ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠪᠣᠯ ᠠᠮᠢ ᠨᠠᠰᠤᠨ ᠤ       ᠦᠷᠭᠦᠯᠵᠢᠯᠡᠯ᠂ ᠬᠠᠶᠢᠷ᠎ᠠ ᠪᠠ ᠬᠦᠰᠡᠯ ᠡᠷᠡᠮᠡᠯᠵᠡᠯ ᠢ ᠳᠠᠮᠵᠢᠭᠤᠯᠬᠤ ᠡᠷᠬᠢᠮ ᠳᠡᠭᠡᠳᠦ ᠦᠢᠯᠡᠰ ᠮᠥᠨ᠃ ᠥᠷᠭᠡᠨ ᠤᠯᠠᠨ ᠰᠠᠶᠢᠨ ᠲᠤᠷᠠᠴᠤᠳ ᠦᠷᠭᠦᠯᠵᠢᠯᠡᠨ ︽ᠠᠮᠢ ᠨᠠᠰᠤᠨ ᠤ ᠡᠯᠴᠢ︾ ᠪᠤᠯᠵᠤ᠂ ︽ᠠᠮᠢ ᠨᠠᠰᠤ ᠶᠢ       ᠬᠦᠨᠳᠦᠳᠬᠡᠬᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ︾ ᠨᠡᠶᠢᠭᠡᠮ ᠤᠨ ᠬᠡᠪ ᠰᠤᠷᠲᠠᠯ ᠢ ᠬᠠᠮᠲᠤ ᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠯ᠎ᠡ᠃    ᠬᠠᠯᠠᠭᠤᠨ ᠰᠡᠳᠬᠢᠯᠲᠦ ᠡᠯᠴᠢᠨ ᠰᠠᠨᠠᠭᠠᠴᠢᠯᠠᠭ᠎ᠠ ᠶᠢᠨ ᠪᠢᠴᠢᠭ ᠲᠡᠭᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠦᠢᠯᠡᠰ ᠢ ᠬᠠᠯᠠᠮᠵᠢᠯᠠᠨ ᠳᠡᠮᠵᠢᠵᠦ᠂ ᠬᠠᠮᠲᠤ ᠪᠠᠷ ᠠᠮᠢ ᠨᠠᠰᠤ ᠶᠢ ᠠᠪᠤᠷᠠᠬᠤ᠂ ᠠᠨᠠᠭᠠᠬᠤ ᠤᠬᠠᠭᠠᠨ ᠤ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃    ᠢᠷᠠᠭᠤ ᠨᠠᠶᠢᠷᠠᠭ ᠳᠠᠭᠤᠤ ᠤᠷᠠᠯᠢᠭ ᠢᠶᠠᠷ ᠬᠥᠮᠦᠨ ᠤ ᠪᠡᠶ᠎ᠡ ᠶᠢᠨ ᠡᠷᠬᠡᠲᠡᠨ ᠤ ᠬᠠᠨᠳᠢᠪᠯᠠᠭᠴᠢ ᠶᠢᠨ ᠡᠷᠬᠢᠮ ᠳᠡᠭᠡᠳᠦ ᠬᠦᠨᠳᠦᠳᠬᠡᠯ ᠪᠠ ᠬᠢᠵᠠᠭᠠᠯᠠᠰᠢ ᠦᠭᠡᠶ ᠮᠥᠷᠥᠭᠡᠳᠦᠯ᠂ ᠠᠮᠢ ᠨᠠᠰᠤ ᠶᠢ ᠪᠢᠰᠢᠷᠡᠨ ᠵᠢᠷᠦᠬᠡᠰᠢᠶᠡᠵᠦ᠂ ᠬᠦᠰᠡᠯ ᠡᠷᠡᠮᠡᠯᠵᠡᠯ ᠤᠨ ᠬᠥᠭᠡᠭᠡᠴᠡᠯᠳᠦᠯ ᠪᠠ ᠬᠠᠨᠳᠢᠪᠯᠠᠭᠴᠢ ᠳᠤ ᠲᠠᠯᠠᠷᠬᠠᠯ ᠢᠶᠠᠨ ᠢᠯᠡᠳᠬᠡᠵᠡᠶ᠃    ᠠᠵᠢᠯᠯᠠᠭ᠎ᠠ ᠨᠢ ᠪᠠᠰᠠ 2024 ᠣᠨ ᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠰᠦᠯᠵᠢᠶᠡᠨ ᠤ ᠬᠥᠳᠡᠯᠭᠡᠭᠡᠨ ᠤ ᠨᠡᠶᠢᠭᠡᠮᠯᠢᠭ ᠤᠨ ᠰᠢᠯᠢᠳᠡᠭ ᠬᠤᠪᠢ ᠬᠥᠮᠦᠨ ᠤ ᠱᠠᠩᠨᠠᠯ ᠢ ᠭᠥᠷᠳᠡᠭᠰᠡᠨ ᠰᠠᠶᠢᠨ ᠲᠤᠷᠠᠴᠤᠳ ᠲᠤ ᠱᠠᠩᠨᠠᠯ ᠣᠯᠭᠤᠵᠤ᠂ ᠮᠠᠰᠢ ᠣᠯᠠᠨ ᠬᠥᠮᠦᠰ ᠶᠡᠭᠡ ᠬᠠᠶᠢᠷ᠎ᠠ ᠳᠤ ᠨᠦᠯᠦᠭᠡᠯᠡᠭᠳᠡᠨ᠂ ᠲᠤᠬᠠᠶ ᠶᠢᠨ ᠲᠠᠯᠠᠪᠠᠶ ᠳᠤ ᠬᠦᠰᠡᠯ ᠡᠷᠡᠮᠡᠯᠵᠡᠯ ᠢᠶᠠᠨ ᠢᠯᠡᠳᠬᠡᠭᠰᠡᠨ ᠪᠠᠶᠢᠨ᠎ᠠ᠃ ᠬᠥᠳᠡᠯᠭᠡᠭᠡᠨ ᠤ ᠡᠴᠦᠰ ᠲᠤ᠂ ᠰᠠᠶᠢᠨ ᠳᠤᠷᠠᠴᠤᠳ ᠢᠳᠡᠷᠡᠭᠦᠨ ᠠᠯᠬᠤᠭ᠎ᠠ ᠪᠠᠷ᠂ ᠠᠮᠢ ᠨᠠᠰᠤᠨ ᠤ ᠬᠦᠴᠦᠨ ᠪᠠ ᠬᠠᠶᠢᠷ᠎ᠠ ᠶᠢᠨ ᠬᠠᠯᠠᠭᠤᠨ ᠳᠤᠯᠠᠭᠠᠨ ᠢ ᠮᠡᠳᠡᠷᠡᠵᠡᠭᠡᠨ᠎ᠡ᠃    ᠡᠵᠡᠨ᠎ᠡ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ ᠸᠠᠩ ᠶᠠᠨ ᠬᠤᠸᠠ᠄ ︽ᠣᠶᠢᠷ᠎ᠠ ᠶᠢᠨ ᠵᠢᠯ ᠳᠤ᠂ ᠪᠢᠳᠡ ᠲᠤᠤᠷᠠᠶ ᠶᠢᠨ ᠬᠡᠳᠦᠨ ᠮᠢᠩᠭᠠᠨ ᠵᠢᠯ ᠤᠨ ᠠᠮᠢᠵᠢᠷᠠᠯ ᠤᠨ ᠵᠣᠷᠢᠭ ᠰᠠᠨᠠᠭ᠎ᠠ ᠪᠣᠯᠤᠨ ᠡᠷᠬᠡᠲᠡᠨ ᠢᠶᠠᠨ ᠬᠠᠨᠳᠢᠪᠯᠠᠬᠤ᠂ ᠠᠮᠢ ᠨᠠᠰᠤᠨ ᠤ ᠥᠨᠢ ᠮᠥᠩᠬᠡ ᠶᠢᠨ ᠶᠡᠭᠡ ᠬᠠᠶᠢᠷ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠠᠭᠤᠰᠤᠯᠴᠠᠭᠤᠯᠵᠤ᠂ ︽ᠡᠯᠡᠰᠦᠨ ᠴᠥᠯ ᠳᠠᠬᠢ ᠲᠤᠤᠷᠠᠶ ᠶᠢᠨ ᠠᠮᠢ ᠨᠠᠰᠤᠨ ᠤ ᠮᠠᠭᠲᠠᠭᠠᠯ︾᠎ ᠤᠨ ᠤᠬᠠᠭᠤᠯᠭ᠎ᠠ ᠶᠢᠨ ᠬᠦᠷᠢᠶᠡᠯᠡᠩ ᠢ ᠪᠠᠶᠢᠭᠤᠯᠵᠤ᠂ ︽ᠡᠯᠡᠰᠦᠨ ᠴᠥᠯ ᠳᠠᠬᠢ ᠲᠤᠤᠷᠠᠶ ᠶᠢᠨ ᠠᠮᠢ ᠨᠠᠰᠤᠨ ᠤ ᠮᠠᠭᠲᠠᠭᠠᠯ︾᠎ ᠤᠨ ᠳᠤᠷᠠᠰᠬᠠᠯ ᠤᠨ ᠣᠶ ᠰᠢᠭᠤᠶ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠤᠬᠠᠭᠤᠯᠭ᠎ᠠ ᠳᠠᠶᠢᠴᠢᠯᠠᠯᠲᠠ᠂ ᠰᠠᠶᠢᠨ ᠳᠤᠷ᠎ᠠ ᠶᠢᠨ ᠳᠡᠩᠰᠡᠯᠡᠯᠲᠡ᠂ ᠮᠥᠷᠥᠭᠡᠳᠦᠯ ᠳᠤᠷᠠᠳᠬᠠᠯ ᠵᠡᠷᠭᠡ ᠠᠵᠢᠯ ᠢ ᠥᠷᠨᠢᠭᠦᠯᠵᠦ᠂ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ 142 ᠬᠦᠮᠦᠨ ᠰᠠᠶᠢᠨ ᠳᠤᠷ᠎ᠠ ᠠᠴᠠ ᠪᠠᠨ ᠡᠷᠬᠡᠲᠡᠨ ᠪᠠᠨ ᠬᠠᠨᠳᠢᠪᠯᠠᠵᠤ ᠮᠠᠨ ᠤ ᠬᠤᠰᠢᠭᠤᠨ ᠤ ᠲᠠᠩᠰᠠᠨ ᠳᠤ ᠲᠡᠮᠳᠡᠭᠯᠡᠭᠦᠯᠦᠨ᠂ ᠪᠥᠬᠦ ᠠᠶᠢᠮᠠᠭ ᠤᠨ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠪᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号