ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ | ᠰᠡᠳᠬᠢᠯᠭᠡ ᠪᠠ ᠦᠨᠳᠦᠰᠦᠲᠡᠨ ᠤ ᠣᠮᠤᠭ ᠪᠠᠭ᠋ᠠᠳᠤᠯ ᠢ ᠨᠡᠮᠡᠭᠳᠡᠭᠦᠯᠬᠦ ᠶᠢᠨ ᠲᠤᠰᠠᠲᠠ᠂ ᠬᠠᠩᠰᠢ ᠶᠢᠨ ᠡᠳᠦᠷ ᠢᠶᠠᠷ᠂ | ᠮᠠᠨ ᠤ ᠬᠤᠰᠢᠭᠤ ︽ᠰᠠᠨᠰᠠᠷ ᠤᠨ ᠠᠶᠠᠯᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ | ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ︾ ᠭᠤᠤᠯ ᠰᠡᠳᠦᠪᠲᠦ ᠬᠥᠮᠦᠵᠢᠯ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ | 49 ᠪᠠᠭᠰᠢ ᠰᠤᠷᠤᠭᠴᠢ ᠳ᠋ᠦᠩᠹᠧᠩ ᠰᠠᠨᠰᠠᠷ ᠤᠨ ᠬᠤᠳᠠ ᠳᠤ ᠬᠦᠷᠴᠦ᠂ ᠦᠷᠡᠭᠳᠡᠭᠰᠡᠨ ᠪᠠᠭᠠᠲᠤᠷᠴᠤᠳ ᠢᠶᠠᠨ | ᠲᠠᠬᠢᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠤᠯᠤᠰ ᠢᠶᠠᠨ ᠬᠠᠶᠢᠷᠠᠯᠠᠬᠤ ᠬᠥᠮᠦᠵᠢᠯ ᠢ ᠭᠦᠨᠵᠡᠭᠡᠶᠢᠷᠡᠭᠦᠯᠪᠡ᠃ | ᠠᠵᠢᠯᠯᠠᠭᠠᠨ ᠳᠤ᠂ ᠪᠠᠭᠰᠢ ᠰᠤᠷᠤᠭᠴᠢᠳ ᠲᠡᠦᠬᠡ ᠶᠢᠨ ᠦᠵᠡᠰᠬᠦᠯᠡᠩ ᠤᠨ ᠣᠷᠳᠣᠨ᠂ ᠳ᠋ᠦᠩ ᠹᠠᠩ ᠬᠤᠩ | ᠬᠤᠶᠠᠳᠤᠭᠠᠷ ᠨᠣᠮᠧᠷᠲᠤ ᠬᠠᠷᠪᠤᠯᠲᠠ ᠶᠢᠨ ᠲᠠᠯᠠᠪᠠᠢ᠂ ᠪᠤᠷᠤᠭᠭᠤᠯᠠ ᠳᠤ ᠪᠠᠶᠢᠭ᠎ᠠ ᠨᠠᠮ ᠵᠠᠰᠠᠭ ᠤᠨ ᠪᠠᠶᠢᠭᠤᠯᠭ᠎ᠠ ᠶᠢᠨ | ᠬᠠᠭᠤᠴᠢᠨ ᠪᠠᠭᠤᠷᠢ ᠵᠢᠴᠢ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠨ ᠰᠠᠨᠰᠠᠷ ᠤᠨ ᠠᠶᠠᠯᠠᠯ ᠳᠤ | ᠵᠤᠷᠢᠭᠤᠯᠤᠭᠰᠠᠨ︾ ᠡᠵᠡᠨ᠎ᠡ ᠶᠢᠨ ᠦᠵᠡᠭᠦᠯᠭᠡ ᠶᠢᠨ ᠲᠢᠩᠬᠢᠮ᠂ ᠳ᠋ᠦᠩᠹᠧᠩ ᠰᠠᠨᠰᠠᠷ ᠤᠨ ᠬᠤᠳᠠ ᠶᠢᠨ ᠵᠢᠷᠠ ᠭᠠᠷᠤᠢ | ᠵᠢᠯ ᠤᠨ ᠬᠥᠭᠵᠢᠯᠲᠡ ᠶᠢᠨ ᠶᠠᠪᠤᠴᠠ ᠪᠣᠯᠤᠨ ᠡᠵᠡᠨ᠎ᠡ ᠶᠢᠨ ᠠᠷᠠᠳ ᠲᠦᠮᠡᠨ ᠤ ︽ᠬᠠᠮᠤᠭ ᠤᠨ ᠰᠠᠶᠢᠨ ᠮᠠᠯᠵᠢᠯ ᠤᠨ | ᠲᠠᠯᠠᠪᠠᠢ ᠪᠠᠨ ᠰᠠᠨᠰᠠᠷ ᠤᠨ ᠠᠶᠠᠯᠠᠯ ᠳᠤ ᠵᠤᠷᠢᠭᠤᠯᠤᠭᠰᠠᠨ︾ ᠦᠨᠳᠦᠰᠦᠲᠡᠨ ᠤ ᠪᠦᠯᠬᠦᠮᠳᠡᠯ ᠤᠨ ᠦᠯᠢᠬᠡᠷ ᠢ | ᠲᠣᠭᠤᠷᠢᠨ ᠦᠵᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠯ ᠤᠨ ᠣᠷᠴᠢᠨ ᠲᠣᠭᠤᠷᠢᠨ ᠳᠤ᠂ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠤᠨ ᠨᠤᠭᠤᠷᠠᠰᠢ ᠦᠭᠡᠢ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭᠯᠡᠨ | ᠤᠷᠤᠭᠰᠢᠯᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠤᠬᠠᠪᠠ᠃ | ᠡᠵᠡᠨ᠎ᠡ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢ ᠡᠩᠬᠡᠮᠡᠨᠳᠦ᠄ | ︽ᠥᠨᠥᠳᠦᠷ ᠤᠨ ᠠᠵᠢᠯᠯᠠᠭ᠎ᠠ ᠮᠠᠰᠢ ᠤᠳᠬ᠎ᠠ ᠠᠭᠤᠯᠭ᠎ᠠ ᠲᠠᠢ᠂ ᠪᠢᠳᠡ ᠪᠤᠷᠤᠭᠭᠤᠯᠠ ᠳᠤ ᠪᠠᠶᠢᠭ᠎ᠠ ᠨᠠᠮ | ᠵᠠᠰᠠᠭ ᠤᠨ ᠪᠠᠶᠢᠭᠤᠯᠭ᠎ᠠ ᠶᠢᠨ ᠬᠠᠭᠤᠴᠢᠨ ᠪᠠᠭᠤᠷᠢ ᠶᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠶᠠᠷᠢᠭᠰᠠᠨ | ︽ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠶᠢ ᠰᠠᠨᠰᠠᠷ ᠤᠨ ᠠᠶᠠᠯᠠᠯ ᠳᠤ ᠵᠤᠷᠢᠭᠤᠯᠤᠭᠰᠠᠨ︾ ᠭᠡᠬᠦ ᠥᠯᠢᠭᠡᠷ ᠢ | ᠰᠣᠨᠣᠰᠤᠭᠠᠳ ᠮᠠᠰᠢ ᠣᠮᠣᠭᠰᠢᠵᠤ ᠪᠠᠶᠢᠨ᠎ᠠ᠂ ᠬᠠᠷᠢᠭᠰᠠᠨ ᠤ ᠳᠠᠷᠠᠭ᠎ᠠ ᠪᠢ ᠡᠨᠡ ᠥᠯᠢᠭᠡᠷ ᠢ ᠨᠠᠩ ᠣᠯᠠᠨ | ᠬᠥᠮᠦᠨ ᠳᠤ ᠶᠠᠷᠢᠵᠤ ᠥᠭᠭᠦᠨ᠎ᠡ︾ ᠭᠡᠪᠡ᠃ | ᠳ᠋ᠦᠩᠹᠧᠩ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ᠂ ᠪᠠᠭᠰᠢ | ᠰᠤᠷᠤᠭᠴᠢᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠨᠠᠮᠠᠨᠴᠢᠯᠠᠨ ᠶᠣᠰᠣᠯᠠᠵᠤ᠂ ᠰᠣᠷᠭᠤᠭ ᠴᠡᠴᠡᠭ | ᠬᠦᠷᠭᠡᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ | ᠰᠠᠨᠠᠭᠠᠯᠵᠠᠵᠤ᠂ ︽ᠬᠤᠶᠠᠷ ᠠᠲ᠋ᠤᠮ ᠪᠥᠮᠪᠦᠭᠡ ᠨᠢᠭᠡ ᠳᠠᠭᠠᠭᠤᠯᠢ ᠤᠳᠤ︾ ᠶᠢᠨ ᠦᠢᠯᠡᠰ ᠤᠨ ᠲᠦᠯᠦᠭᠡ | ᠵᠢᠳᠭᠦᠭᠰᠡᠨ ᠠᠬᠠᠮᠠᠳ ᠦᠶ᠎ᠡ ᠶᠢᠨ ᠬᠢᠨ ᠤ ᠬᠤᠪᠢᠰᠬᠠᠯ ᠤᠨ ᠣᠮᠤᠭ ᠵᠣᠷᠢᠭ ᠢ ᠤᠶᠢᠯᠠᠭᠠᠭᠤᠯᠵᠡᠢ᠃ ᠪᠠᠭᠰᠢ | ᠰᠤᠷᠤᠭᠴᠢᠳ ᠪᠠᠰᠠ ᠬᠠᠮᠲᠤ ᠪᠠᠷ ᠳ᠋ᠦᠩᠹᠧᠩ ᠰᠠᠨᠰᠠᠷ ᠤᠨ ᠬᠤᠲᠠ ᠶᠢᠨ ᠤᠯᠠᠭᠠᠠᠲᠤᠭ ᠪᠠᠭ᠎ᠠ ᠰᠤᠷᠭᠠᠭᠤᠯᠢ ᠳᠤ | ᠬᠦᠷᠴᠦ ᠲᠣᠭᠤᠷᠢᠨ ᠦᠵᠡᠵᠦ ᠰᠤᠷᠤᠯᠴᠠᠨ᠂ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠰᠤᠷᠤᠭᠴᠢᠳ ᠰᠠᠭᠤᠷᠢᠨ ᠭᠠᠵᠠᠷ ᠤᠨ ᠬᠠᠮᠲᠤ ᠰᠤᠷᠤᠭᠴᠢᠳ ᠲᠠᠢ ᠬᠠᠮᠲᠤ ︽ᠬᠤᠪᠢᠯᠭᠠᠨ ᠣᠩᠭᠤᠴᠠ ᠶᠢᠨ | ᠥᠯᠥᠭᠡᠶ︾ ᠪᠠᠷ ᠭᠤᠤᠯ ᠰᠡᠳᠦᠪ ᠪᠣᠯᠭᠠᠭᠰᠠᠨ ᠤᠷᠠᠨ ᠪᠢᠴᠢᠯᠭᠡ ᠶᠢᠨ ᠬᠢᠴᠢᠶᠡᠯ ᠣᠷᠣᠵᠤ᠂ ᠬᠠᠮᠲᠤ ᠪᠠᠷ ᠬᠢᠲᠠᠳ | ᠥᠰᠥᠭ ᠪᠢᠴᠢᠯᠭᠡ ᠶᠢᠨ ᠬᠠᠷᠢᠴᠠᠭ᠎ᠠ ᠪᠣᠯᠤᠨ ᠪᠦᠲᠦᠴᠡ ᠶᠢᠨ ᠣᠨᠴᠠᠯᠢᠭ ᠢ ᠰᠤᠷᠤᠯᠴᠠᠵᠤ᠂ ᠰᠤᠷᠤᠯᠴᠠᠯᠭ᠎ᠠ ᠶᠢᠨ | ᠳᠤᠮᠳᠠ ᠨᠥᠬᠦᠷᠯᠡᠯ ᠢᠶᠠᠨ ᠵᠤᠵᠠᠭᠠᠳᠬᠠᠵᠠᠶ᠃ | ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠶᠢᠨ ᠰᠤᠷᠤᠭᠴᠢ ᠯᠢ ᠨᠠ᠄ ︽ᠥᠨᠥᠳᠦᠷ ᠪᠢᠳᠡ ᠳᠠᠭᠠᠭᠤᠯᠢ | ᠤᠳᠤ ᠬᠠᠷᠪᠤᠬᠤ ᠲᠥᠪ ᠤᠨ ᠦᠵᠡᠭᠦᠯᠭᠡ ᠶᠢᠨ ᠣᠷᠳᠣᠨ᠂ ᠬᠠᠷᠪᠤᠯᠲᠠ ᠶᠢᠨ ᠰᠤᠪᠤᠷᠭ᠎ᠠ ᠶᠢ ᠲᠣᠭᠤᠷᠢᠨ ᠦᠵᠡᠵᠦ᠂ | ᠪᠢ ᠰᠠᠨᠰᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠤᠭᠰᠠᠨ᠂ | ᠰᠠᠨᠰᠠᠷ ᠤᠨ ᠠᠶᠠᠯᠠᠯ ᠤᠨ ᠦᠢᠯᠡᠰ ᠤᠨ ᠠᠵᠢᠯᠲᠠᠳ ᠤᠨ ᠬᠤᠪᠢ ᠨᠡᠮᠡᠷᠢ ᠶᠢ ᠪᠢ ᠮᠠᠰᠢ ᠪᠢᠰᠢᠷᠡᠵᠦ ᠪᠠᠶᠢᠨ᠎ᠠ᠂ | ᠬᠤᠶᠢᠰᠢᠳᠠ ᠪᠢ ᠴᠢᠷᠮᠠᠶᠢᠨ ᠰᠤᠷᠤᠯᠴᠠᠵᠥ᠂ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠲᠤ ᠥᠪᠡᠷ ᠤᠨ | ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠪᠡ᠃ | ᠡᠵᠡᠨ᠎ᠡ ᠬᠤᠰᠢᠭᠤᠨ ᠤ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠥᠪ ᠤᠨ ᠡᠷᠬᠢᠯᠡᠭᠴᠢ | ᠠᠷᠢᠭᠤᠨ᠄ ︽ᠡᠨᠡ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠰᠤᠷᠭᠠᠨ ᠬᠥᠮᠦᠵᠢᠭᠦᠯᠬᠦ ᠠᠴᠢ | ᠬᠤᠯᠪᠣᠭᠳᠠᠯ ᠠᠴᠠ ᠠᠪᠴᠤ ᠬᠡᠯᠡᠪᠡᠯ ᠨᠢᠭᠡᠨ ᠤᠳᠠᠭᠠᠨ ᠤ ᠠᠮᠢᠳᠤᠯᠢᠭ ᠡᠬᠡ ᠣᠷᠣᠨᠴᠢ ᠦᠵᠡᠯ ᠤᠨ ᠬᠥᠮᠦᠵᠢᠯ ᠤᠨ | ᠦᠢᠯᠡᠳᠦᠯᠭᠡ ᠪᠤᠯᠵᠤ ᠴᠢᠳᠠᠭᠰᠠᠨ᠃ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ ᠪᠠᠷ ᠳᠠᠮᠵᠢᠨ᠂ ᠰᠤᠷᠤᠭᠴᠢᠳ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠤᠯᠤᠰ ᠣᠷᠣᠨ ᠪᠠ ᠦᠨᠳᠦᠰᠦᠲᠡᠨ ᠤ ᠰᠠᠨᠰᠠᠷ ᠤᠨ | ᠠᠶᠠᠯᠠᠯ ᠤᠨ ᠦᠢᠯᠡᠰ ᠤᠨ ᠲᠥᠯᠥᠭᠡ ᠡᠷᠡᠯᠬᠡᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠠᠤᠭ᠎ᠠ ᠠᠵᠢᠯᠯᠠᠭ᠎ᠠ ᠶᠢ | ᠤᠶᠢᠯᠠᠭᠠᠭᠤᠯᠤᠭᠰᠠᠨ᠃ ᠡᠶᠢᠮᠦᠷᠬᠦᠦ ᠥᠩᠭᠡᠷᠡᠯᠲᠡ ᠨᠢ ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ | ᠦᠨᠳᠦᠰᠦᠲᠡᠨ ᠤ ᠣᠮᠤᠭ ᠪᠠᠭ᠋ᠠᠳᠤᠯ ᠢ ᠬᠦᠭᠵᠢᠭᠡᠵᠦ ᠴᠢᠳᠠᠭᠰᠠᠨ ᠭᠡᠵᠦ ᠪᠤᠳᠤᠵᠤ ᠪᠠᠶᠢᠨ᠎ᠠ᠃ ᠬᠤᠶᠢᠰᠢᠳᠠ᠂ | ᠰᠤᠷᠭᠠᠨ ᠬᠥᠮᠦᠵᠢᠯ ᠪᠡᠶ᠎ᠡ ᠲᠠᠮᠢᠷ ᠤᠨ ᠰᠢᠰᠲ᠋ᠧᠮ ᠳ᠋ᠦᠩᠹᠧᠩ ᠰᠠᠨᠰᠠᠷ ᠤᠨ ᠬᠤᠲᠠ ᠵᠡᠷᠭᠡ ᠡᠬᠡ ᠣᠷᠣᠨᠴᠢ | ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠨᠡᠩ ᠣᠯᠠᠨ ᠰᠤᠳᠤᠯᠤᠨ | ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠭᠴᠢᠳ ᠲᠤ ᠤᠯᠤᠰ ᠤᠨ ᠲᠡᠦᠬᠡ ᠶᠢᠨ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠠᠮᠵᠢᠯᠲᠠ ᠪᠦᠲᠦᠮᠵᠢ ᠶᠢ ᠬᠠᠮᠤᠭ ᠤᠶᠢᠷ᠎ᠠ ᠬᠠᠷᠠᠭᠠᠨ ᠠᠴᠠ ᠮᠡᠳᠡᠷᠡᠭᠦᠯᠬᠦ ᠪᠠᠷ | ᠴᠢᠷᠮᠠᠶᠢᠨ᠎ᠠ︾ ᠭᠡᠪᠡ᠃ |