ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ 3 ᠤ | ᠡᠳᠦᠷ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠠᠯᠠᠱᠠ ᠠᠶᠢᠮᠠᠭ ᠤᠨ ᠲᠠᠩᠭᠢᠰ ᠤᠨ | ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠬᠠᠮᠲᠤᠷᠠᠨ ᠬᠠᠪᠤᠷ ᠤᠨ ᠤᠯᠠᠷᠢᠯ ᠤᠨ ᠣᠯᠠᠨ | ᠤᠯᠤᠰ ᠤᠨ ᠲᠠᠸᠠᠷ ᠤᠨ ᠦᠵᠡᠰᠬᠦᠯᠡᠩ ᠡᠷᠭᠢᠯᠡᠵᠦ᠂ ᠠᠷᠠᠯᠵᠢᠶ᠎ᠠ ᠬᠤᠳᠠᠯᠳᠤᠭᠠᠨ ᠤ ᠲᠠᠪᠴᠠᠩ ᠢ ᠪᠠᠶᠢᠭᠤᠯᠤᠨ᠂ | ᠳᠡᠯᠭᠡᠨ ᠦᠵᠡᠭᠦᠯᠬᠦ ᠪᠠᠷ ᠪᠣᠷᠣᠯᠠᠭᠤᠯᠭ᠎ᠠ ᠪᠠᠨ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ | ᠬᠦᠴᠦᠨ ᠨᠡᠮᠡᠷᠢᠯᠡᠪᠡ᠃ | ᠭᠥᠩ ᠴᠢᠩ ᠭᠠᠳᠠᠭᠠᠳᠤ ᠠᠷᠠᠯᠵᠢᠶᠠᠨ ᠤ ᠳᠡᠯᠭᠡᠭᠦᠷ ᠲᠤ ᠣᠷᠣᠵᠤ ᠰᠠᠭᠤᠭᠰᠠᠨ ᠬᠡᠳᠦᠨ ᠠᠷᠪᠠᠨ | ᠬᠤᠳᠠᠯᠳᠤᠭᠠᠴᠢᠨ ᠨᠢᠳᠦ ᠭᠢᠯᠠᠰᠤᠮ᠎ᠠ᠂ ᠤᠷᠠᠨ ᠨᠠᠷᠢᠯᠢᠭ᠂ ᠥᠪᠡᠷᠮᠢᠴᠡ ᠣᠨᠴᠠᠯᠢᠭ ᠲᠠᠢ ᠡᠯ᠎ᠡ ᠵᠦᠢᠯ ᠤᠨ ᠲᠠᠸᠠᠷ ᠢ | ᠯᠠᠩᠭᠦᠶ ᠳᠤ ᠲᠠᠯᠪᠢᠵᠤ᠂ ᠤᠯᠠᠨ ᠰᠠᠭᠤᠭᠠᠯᠢ ᠠᠷᠠᠳ ᠢᠷᠡᠵᠦ ᠬᠤᠳᠠᠯᠳᠤᠨ ᠠᠪᠤᠨ᠎ᠠ᠃ ᠦᠵᠡᠰᠬᠦᠯᠡᠩ ᠳᠤ | ᠣᠷᠣᠯᠴᠠᠬᠤ ᠲᠠᠸᠠᠷ ᠲᠤ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠭᠤᠶᠣᠯᠠᠯ ᠤᠨ ᠡᠳ᠋ ᠵᠡᠷᠭᠡ ᠡᠳᠦᠷ | ᠲᠤᠲᠤᠮ ᠤᠨ ᠬᠡᠷᠡᠭᠯᠡᠭᠡᠨ ᠤ ᠡᠳ᠋ ᠪᠠᠭᠲᠠᠬᠤ ᠪᠠᠷ ᠪᠠᠷᠠᠬᠤ ᠥᠬᠡᠶ᠂ ᠪᠠᠰᠠ ᠦᠨᠳᠦᠰᠦᠲᠡᠨ ᠤ ᠬᠤᠪᠴᠠᠰᠤ ᠵᠠᠰᠠᠯ᠂ | ᠤᠯᠠᠮᠵᠢᠯᠠᠯᠲᠤ ᠭᠠᠷ ᠤᠷᠠᠯᠠᠯ ᠤᠨ ᠵᠦᠢᠯᠡᠰ ᠢ ᠬᠠᠮᠤᠷᠴᠤ᠂ ᠲᠥᠷᠥᠯ ᠵᠦᠢᠯ ᠤᠨ ᠶᠡᠷᠦᠩᠬᠡᠶ ᠲᠤᠭ᠎ᠠ ᠮᠢᠩᠭ᠎ᠠ | ᠭᠠᠷᠤᠶ ᠳᠤ ᠬᠦᠷᠴᠡᠶ᠃ | ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠵᠢᠷᠭᠠᠯ᠄ ︽ᠪᠢ ᠪᠣᠯ ᠣᠷᠳᠣᠰ ᠠᠴᠠ ᠢᠷᠡᠭᠰᠡᠨ ᠶᠤᠮ᠂ | ᠮᠢᠨᠦ ᠠᠪᠴᠤ ᠶᠠᠪᠤᠭ᠎ᠠ ᠪᠠᠷᠠᠭ᠎ᠠ ᠪᠣᠯ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠡᠵᠡᠨ᠎ᠡ ᠬᠤᠰᠢᠭᠤᠨ ᠳᠤ | ᠳᠥᠷᠪᠡᠳᠡᠬᠢ ᠤᠳᠠᠭ᠎ᠠ ᠡᠶᠢᠮᠦ ᠦᠵᠡᠰᠬᠦᠯᠡᠩ ᠳᠤ ᠣᠷᠣᠯᠴᠠᠬᠤ ᠪᠠᠷ ᠢᠷᠡᠵᠡᠢ᠂ ᠮᠢᠨᠦ ᠡᠳᠡᠭᠡᠷ ᠪᠦᠲᠦᠭᠡᠭᠳᠡᠬᠦᠨ ᠪᠣᠯ | ᠣᠷᠣᠰ᠂ ᠮᠣᠩᠭᠤᠯ᠂ ᠶᠠᠫᠣᠨ᠂ ᠺᠣᠷᠢᠶᠠ ᠵᠡᠷᠭᠡ ᠤᠯᠤᠰ᠂ ᠡ᠊ᠨᠳᠡ ᠢᠷᠡᠭᠰᠡᠨ ᠬᠡᠷᠡᠭᠯᠡᠭᠴᠢᠳ ᠡᠳᠡᠭᠡᠷ | ᠪᠦᠲᠦᠭᠡᠭᠳᠡᠬᠦᠨ ᠢ ᠮᠠᠰᠢ ᠲᠣᠭᠤᠨ᠎ᠠ︾ ᠭᠡᠪᠡ᠃ | ᠠᠯᠠᠱᠠ ᠠᠶᠢᠮᠠᠭ ᠤᠨ ᠲᠠᠩᠭᠢᠰ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ | ᠲᠠᠭᠠᠭᠠᠮᠠᠯ ᠬᠡᠦᠬᠡᠨ᠄ ︽ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠢᠳᠠᠨ ᠲᠠᠢ ᠬᠠᠮᠲᠤᠷᠠᠭᠠᠳ᠂ | ᠡᠨᠡ ᠤᠳᠠᠭᠠᠨ ᠤ ᠬᠠᠪᠤᠷ ᠤᠨ ᠤᠯᠠᠷᠢᠯ ᠤᠨ ᠣᠯᠠᠨ ᠤᠯᠤᠰ ᠠᠴᠠ ᠲᠠᠸᠠᠷ ᠤᠨ ᠦᠵᠡᠰᠬᠦᠯᠡᠩ ᠢ ᠡᠷᠬᠢᠯᠡᠬᠦ ᠳᠤ | ᠬᠦᠴᠦᠨ ᠨᠡᠮᠡᠷᠢᠯᠡᠭᠰᠡᠨ᠂ ᠡᠨᠡ ᠤᠳᠠᠭᠠᠨ ᠤ ᠦᠵᠡᠰᠬᠦᠯᠡᠩ ᠳᠤ ᠪᠢᠳᠡ ᠮᠣᠩᠭᠤᠯ ᠤᠯᠤᠰ ᠠᠴᠠ ᠦᠵᠡᠰᠬᠦᠯᠡᠩ ᠳᠤ | ᠣᠷᠣᠯᠴᠠᠬᠤ ᠪᠠᠷ ᠢᠷᠡᠭᠰᠡᠨ᠂ ᠪᠠᠰᠠ ᠮᠠᠨ ᠤ ᠥᠪᠥᠷ ᠮᠣᠩᠭᠤᠯ ᠤᠨ ᠬᠢ᠂ ᠪᠠᠰᠠ ᠮᠠᠨ ᠤ ᠡᠵᠡᠨ᠎ᠡ ᠬᠤᠰᠢᠭᠤᠨ ᠤ | ᠭᠠᠷ ᠤᠷᠠᠯᠠᠯ ᠤᠨ ᠪᠦᠲᠦᠭᠡᠭᠳᠡᠬᠦᠨ᠂ ᠴᠠᠭᠠᠨ ᠢᠳᠡᠭᠡᠨ᠂ ᠨᠤᠲᠤᠭ ᠤᠨ ᠭᠠᠷᠤᠯᠲᠠ ᠵᠡᠷᠭᠡ ᠮᠠᠰᠢ ᠣᠯᠠᠨ | ᠬᠤᠳᠠᠯᠳᠤᠭᠠᠴᠢᠳ ᠪᠠᠷᠤᠭ ᠬᠤᠷᠢᠨ ᠳᠣᠯᠤᠭ᠎ᠠ ᠨᠠᠢᠮᠠᠨ ᠳᠡᠯᠭᠡᠭᠦᠷ ᠢᠷᠡᠵᠦ᠂ ᠶᠡᠭᠡ ᠲᠥᠯᠥᠪ ᠪᠦᠲᠦᠭᠡᠭᠳᠡᠬᠦᠨ ᠤ | ᠲᠥᠷᠥᠯ ᠵᠦᠢᠯ ᠨᠢ ᠮᠢᠩᠭ᠎ᠠ ᠭᠠᠷᠤᠶ ᠵᠦᠢᠯ ᠪᠠᠶᠢᠨ᠎ᠠ︾ ᠭᠡᠪᠡ᠃ | ᠦᠵᠡᠰᠬᠦᠯᠡᠩ ᠳᠤ ᠪᠠᠰᠠ ᠨᠢᠭᠡ ᠪᠦᠯᠦᠭ ᠮᠠᠯᠴᠢᠳ ᠣᠷᠣᠯᠴᠠᠵᠤ᠂ ᠥᠪᠡᠷ ᠤᠨ ᠬᠢᠭᠰᠡᠨ ᠴᠠᠭᠠᠨ ᠢᠳᠡᠭᠡᠨ᠂ | ᠤᠯᠠᠭᠠᠨ ᠢᠳᠡᠭᠡᠨ ᠵᠡᠷᠭᠡ ᠶᠢ ᠪᠣᠷᠣᠯᠠᠭᠤᠯᠵᠤ᠂ ᠦᠵᠡᠰᠬᠦᠯᠡᠩ ᠢᠶᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠵᠦ ᠪᠤᠢ᠃ | ᠠᠯᠠᠱᠠ ᠵᠡᠭᠦᠨ ᠬᠤᠰᠢᠭᠤᠨ ᠤ ᠵᠢᠷᠭᠠᠯᠰᠠᠶᠢᠬᠠᠨ ᠪᠠᠯᠭᠠᠰᠤᠨ ᠤ ᠮᠠᠯᠴᠢᠨ ᠤᠶᠤᠨᠬᠤᠸᠠᠷ᠄ ︽ᠪᠢ ᠪᠣᠯ ᠠᠯᠠᠱᠠ | ᠵᠡᠭᠦᠨ ᠬᠤᠰᠢᠭᠤᠨ ᠤ ᠵᠢᠷᠭᠠᠯᠰᠠᠶᠢᠬᠠᠨ ᠪᠠᠯᠭᠠᠰᠤ ᠠᠴᠠ ᠢᠷᠡᠭᠰᠡᠨ ᠮᠠᠯᠴᠢᠨ᠂ ᠪᠢ ᠭᠤᠤᠯ ᠨᠢ ᠮᠠᠯᠠᠭᠠᠶ᠂ ᠮᠥᠩᠭᠦᠨ | ᠵᠠᠰᠠᠯ ᠬᠤᠳᠠᠯᠳᠤᠵᠤ ᠪᠠᠶᠢᠨ᠎ᠠ᠂ ᠮᠠᠨ ᠤ ᠡᠨᠡ ᠳᠡᠯᠭᠡᠨ ᠪᠣᠷᠣᠯᠠᠭᠤᠯᠬᠤ ᠴᠤᠭᠯᠠᠭᠠᠨ ᠢᠶᠠᠷ ᠳᠠᠮᠵᠢᠨ ᠮᠠᠯᠴᠢᠳ ᠤᠨ | ᠣᠷᠣᠯᠭ᠎ᠠ ᠶᠢ ᠨᠡᠮᠡᠭᠳᠡᠭᠦᠯᠦᠨ᠎ᠡ︾ ᠭᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠰᠬᠦᠯᠡᠩ ᠨᠢ ᠵᠢᠷᠭᠤᠭᠠᠨ ᠡᠳᠦᠷ ᠶᠠᠪᠤᠭᠳᠠᠵᠤ᠂ 4 ᠰᠠᠷ᠎ᠠ ᠶᠢᠨ | 8 ᠤ ᠡᠳᠦᠷ ᠪᠣᠯᠲᠠᠯ᠎ᠠ ᠦᠷᠭᠦᠯᠵᠢᠯᠡᠨ᠎ᠡ᠂ ᠡᠨᠡ ᠬᠦ ᠬᠤᠭᠤᠴᠠᠭᠠᠨ ᠳᠤ ᠶᠠᠭ ᠬᠠᠩᠰᠢ ᠶᠢᠨ ᠠᠮᠠᠷᠠᠯᠲᠠ ᠶᠢᠨ | ᠬᠤᠭᠤᠴᠠᠭ᠎ᠠ ᠪᠣᠯᠵᠣ᠂ ᠰᠠᠭᠤᠭᠠᠯᠢ ᠠᠷᠠᠳ ᠲᠤ ᠰᠤᠯᠠ ᠰᠡᠯᠡᠭᠦᠦ ᠵᠤᠭᠠᠴᠠᠨ ᠬᠤᠳᠠᠯᠳᠤᠨ ᠠᠪᠬᠤ ᠭᠠᠵᠠᠷ | ᠬᠠᠩᠭᠠᠵᠠᠶ᠃ |