ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.3.30 - 2025.4.5︶
ᠨᠡᠶᠢᠲᠡᠯᠡᠭᠰᠡᠨ ᠴᠠᠭ᠄
2025/4/8
    ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃     ᠤᠳᠤᠷᠢᠳᠤᠯᠭ᠎ᠠ ᠶᠢᠨ ᠠᠵᠢᠯᠯᠠᠭ᠎ᠠ    ᠰᠦᠨ ᠱᠤᠤ ᠴᠧᠩ     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠪᠡ᠃    4 ᠳ᠋ᠦ᠋ᠭᠡᠷ ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ᠃     ᠸᠠᠩ ᠯᠢ ᠰᠢᠶᠠ     ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    3 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃    3 ᠳ᠋ᠤᠭᠠᠷ ᠰᠠᠷ᠎ᠠ ᠶᠢᠨ 31᠎ ᠤ ᠡᠳᠦᠷ ᠠᠴᠠ 4 ᠳ᠋ᠦ᠋ᠭᠡᠷ ᠰᠠᠷ᠎ᠠ ᠶᠢᠨ 1᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠦᠶ᠋ᠯᠡ ᠠᠵᠢᠯᠯᠠᠭ᠎ᠠ ᠶᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠬᠢᠩᠭᠠᠨ ᠠᠶᠢᠮᠠᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃     ᠬᠤᠸᠠᠩ ᡁᠢ ᠴᠢᠶᠠᠩ     ᠥᠪᠡᠷᠲᠡᠭᠡᠨ ᠵᠠᠰᠠᠬᠤ ᠣᠷᠣᠨ ᠤ ᠨᠥᠭᠡᠴᠡ ᠡᠨᠧᠷᠭᠢ ᠶᠢᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃     4 ᠳ᠋ᠦ᠋ᠭᠡᠷ ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠥᠭᠡᠴᠡ ᠡᠨᠧᠷᠭᠢ ᠶᠢᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠬᠢᠵᠠᠭᠠᠷᠲᠤ ᠺᠤᠮᠫᠠᠨᠢ᠂ ᠨᠢᠩ ᠳ᠋ᠧ ᠱᠢ ᠳ᠋ᠠᠢ ᠵᠡᠷᠭᠡ 9 ᠠᠵᠤ ᠠᠬᠤᠶᠢᠯᠠᠯ ᠯᠤᠭ᠎ᠠ ᠨᠥᠭᠡᠴᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠬᠤᠳᠠᠯᠳᠤᠭᠠᠨ ᠤ ᠠᠵᠠ ᠲᠣᠬᠢᠶᠠᠯ ᠢ ᠬᠠᠮᠲᠤ ᠪᠠᠷ ᠶᠠᠷᠢᠯᠴᠠᠪᠠ᠃     ᠵᠧᠩ ᠭᠤᠸᠠᠩ ᠵᠣᠣ    ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃     3 ᠳ᠋ᠤᠭᠠᠷ ᠰᠠᠷ᠎ᠠ ᠶᠢᠨ 31᠎ ᠤ ᠡᠳᠦᠷ᠂ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠱᠢ ᠭᠤᠸᠠᠩ ᠬᠤᠢ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠵᠧᠩ ᠭᠤᠸᠠᠩ ᠵᠣᠣ᠂ ᠶᠣᠣ ᠶᠦᠩ ᠪᠥᠸᠧ ᠪᠣᠯᠣᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠠᠩ ᠽᠥᠩ       ᠷᠧᠨ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠪᠠ᠃     ᠰᠦᠨ ᠵᠢᠶᠦ᠋ᠨ ᠴᠢᠩ    2025 ᠣᠨ ᠤ ᠠᠩᠬᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ · ᠰᠡᠳᠬᠢᠯ ᠨᠢᠭᠡᠲᠦᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ︾ ᠭᠡᠬᠦ ᠲᠣᠮᠣ ᠬᠡᠪᠴᠢᠶᠡᠨ ᠤ ᠶᠠᠷᠢᠶᠠᠨ ᠤ ᠲᠠᠪᠴᠠᠩ ᠳᠤ ᠣᠷᠣᠯᠴᠠᠪᠠ᠃    4 ᠳ᠋ᠦ᠋ᠭᠡᠷ ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠭᠢᠯᠡᠭᠰᠡᠨ 2025 ᠣᠨ ᠤ ᠠᠩᠬᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ · ᠰᠡᠳᠬᠢᠯ ᠨᠢᠭᠡᠲᠦᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ︾ ᠭᠡᠬᠦ ᠲᠣᠮᠣ ᠬᠡᠪᠴᠢᠶᠡᠨ ᠤ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠯᠢ ᠪᠢᠩ ᠷᠦᠩ᠂ ᠰᠦᠨ ᠵᠢᠶᠦ᠋ᠨ ᠴᠢᠩ ᠣᠷᠣᠯᠴᠠᠪᠠ᠃     ᠲᠦᠷᠦ ᠶᠢᠨ ᠪᠣᠳᠣᠯᠭ᠎ᠠ ᠶᠢᠨ ᠨᠡᠶᠢᠲᠡᠯᠡᠯ     ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ᠃     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ︹2025︺ 13 ᠳ᠋ᠤᠭᠠᠷ ᠲᠣᠭᠠᠲᠤ︶᠎ ᠢ ᠳᠠᠷᠤᠮᠠᠯᠯᠠᠨ ᠶᠠᠪᠤᠭᠤᠯᠪᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠣᠳᠣᠬᠠᠨ ᠤ ᠰᠦ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠯᠤᠭ᠎ᠠ ᠤᠶᠠᠯᠳᠤᠭᠤᠯᠤᠨ᠂ ᠰᠦ ᠶᠢᠨ ᠦᠢᠯᠡᠰ ᠤᠨ ᠭᠤᠣᠯ ᠴᠣᠭᠴᠠ ᠶᠢ ᠦᠷᠭᠦᠯᠵᠢᠯᠡᠨ ᠬᠠᠪᠰᠤᠷᠴᠤ ᠪᠠᠶᠢᠭᠠᠳ ᠬᠦᠴᠢᠷ ᠢ ᠨᠢ ᠲᠤᠭᠤᠯᠤᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号