ᠬᠤᠸᠠᠩ ᠶᠠ ᠯᠢ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᠵᠢᠦ ᠸᠠᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/12
    4 ᠰᠠᠷ᠎ᠠ ᠶᠢᠨ 25᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᠵᠢᠦ ᠸᠠᠨ ᠨᠠᠷ ᠲᠠᠢ       ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠪᠠ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠬᠤᠸᠠᠩ ᠶᠠ ᠯᠢ ᠯᠢᠦ ᠵᠢᠦ ᠸᠠᠨ ᠨᠠᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠠᠯᠠᠱᠠ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠵᠢᠱᠢᠶ᠎ᠡ ᠦᠵᠡᠭᠦᠯᠬᠦ ᠠᠶᠢᠮᠠᠭ ᠢ ᠬᠦᠴᠦᠯᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠯ᠎ᠡ ᠲᠠᠯ᠎ᠠ ᠶᠢᠨ ᠣᠶᠤᠨ ᠤᠬᠠᠭᠠᠨ ᠪᠠ ᠡᠯ᠎ᠡ ᠲᠥᠷᠥᠯ ᠤᠨ ᠴᠢᠳᠠᠪᠤᠷᠢᠲᠠᠨ ᠤ ᠬᠦᠴᠦᠨ ᠨᠡᠮᠡᠷᠢᠯᠡᠬᠦ ᠶᠢ ᠪᠠᠴᠢᠮ ᠬᠡᠷᠡᠭᠰᠡᠵᠦ ᠪᠠᠶᠢᠨ᠎ᠠ᠃ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠪᠣᠯ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠮᠥᠨ᠂ ᠰᠤᠷᠭᠠᠭᠤᠯᠢ ᠡᠷᠭᠢᠯᠡᠬᠦ ᠣᠨᠴᠠᠯᠢᠭ ᠨᠢ ᠢᠯᠡ ᠲᠣᠳᠣ ᠪᠠᠶᠢᠳᠠᠭ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠷ ᠬᠤᠯᠪᠣᠭᠠᠰᠤ ᠪᠣᠯᠭᠠᠵᠤ᠂ ᠴᠢᠳᠠᠪᠤᠷᠢᠲᠠᠨ ᠢ ᠬᠥᠲᠥᠯᠦᠨ ᠬᠥᠮᠦᠵᠢᠭᠦᠯᠬᠦ᠂ ᠪᠠᠭᠰᠢ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢᠨ ᠰᠤᠳᠤᠯᠭᠠᠨ ᠵᠡᠷᠭᠡ ᠬᠦᠷᠢᠶᠡᠨ ᠳᠤ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠲᠦᠢᠯ ᠤᠨ ᠣᠨᠣᠪᠴᠢᠲᠠᠶ ᠪᠠᠷ ᠵᠣᠯᠭᠠᠭᠤᠯᠵᠤ᠂ ᠮᠠᠨ ᠤ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠵᠦ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠠᠷᠢᠯᠴᠠᠨ ᠠᠭᠤᠰᠤᠯᠴᠠᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ ᠬᠥᠭᠵᠢᠬᠦ ᠶᠢ ᠬᠦᠰᠡᠵᠦ ᠪᠠᠶᠢᠨ᠎ᠠ ᠭᠡᠵᠡᠶ᠃     ᠯᠢᠦ ᠵᠢᠦ ᠸᠠᠨ᠂ ᠳᠡᠭᠡᠳᠦ ᠰᠤᠷᠭᠠᠭᠤᠯᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠶᠢᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠪᠠ ᠣᠷᠣᠨ ᠨᠤᠲᠤᠭ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠠᠵᠢᠯ ᠣᠯᠭᠤᠯᠲᠠ ᠶᠢ ᠵᠣᠯᠭᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠣᠶᠤᠨ ᠤ ᠳᠡᠮᠵᠢᠯᠭᠡ ᠪᠠ ᠴᠢᠳᠠᠪᠤᠷᠢᠲᠠᠨ ᠤ ᠪᠠᠲᠤᠯᠠᠭ᠎ᠠ ᠪᠠᠷ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃ ᠠᠶᠢᠮᠠᠭ ᠤᠨ ᠤᠳᠤᠷᠢᠳᠤᠯᠭ᠎ᠠ ᠯᠢᠦ ᠳ᠋ᠧ ᠼᠦᠢ ᠣᠷᠣᠯᠴᠠᠪᠠ᠃ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号