ᠨᠢᠭᠡ᠂ ᠬᠦᠯᠡᠮᠵᠢ ᠪᠠᠨ ᠪᠠᠬᠢᠯᠡᠵᠦ᠂ ᠲᠦᠭᠦᠭᠡᠷᠦᠮᠵᠢ ᠪᠠᠨ ᠰᠡᠯᠪᠢᠨ ᠵᠠᠰᠠᠬᠤ ᠬᠡᠷᠡᠭᠲᠡᠢ ᠡᠪᠳᠡᠭᠳᠡᠭᠰᠡᠨ | ᠬᠦᠯᠡᠮᠵᠢ ᠶᠢᠨ ᠭᠡᠷ ᠢ ᠴᠠᠭ ᠲᠤᠬᠠᠢ ᠳᠤᠨᠢ ᠰᠡᠯᠪᠢᠨ ᠵᠠᠰᠠᠵᠤ ᠪᠠᠬᠢᠯᠡᠨ᠂ ᠬᠦᠯᠡᠮᠵᠢ ᠶᠢᠨ ᠪᠦᠷᠬᠦᠪᠴᠢ ᠶᠢ ᠰᠡᠯᠪᠢᠨ | ᠵᠠᠰᠠᠵᠤ᠂ ᠪᠣᠯᠣᠳ ᠨᠢᠷᠤᠭᠤ ᠶᠢᠨ ᠮᠤᠰᠬᠢᠷᠠᠵᠤ ᠳᠦᠷᠰᠦ ᠬᠤᠪᠢᠷᠠᠭᠰᠠᠨ ᠪᠤᠶᠤ ᠪᠦᠲᠦᠴᠡ ᠨᠢ ᠲᠣᠭᠲᠠᠪᠤᠷᠢ ᠦᠭᠡᠢ | ᠬᠡᠰᠡᠭ ᠢ ᠰᠡᠯᠪᠢᠨ ᠵᠠᠰᠠᠵᠤ᠂ ᠬᠦᠯᠡᠮᠵᠢ ᠶᠢᠨ ᠭᠡᠷ ᠤᠨ ᠡᠮᠦᠨ᠎ᠡ ᠪᠠᠯ ᠤᠨ 1/3 ᠬᠡᠰᠡᠭ ᠲᠤ ᠲᠤᠯᠭᠠᠭᠤᠷᠢ ᠪᠣᠰᠬᠠᠵᠤ᠂ | ᠪᠦᠷᠬᠦᠪᠴᠢ ᠶᠢᠨ ᠳᠡᠭᠡᠰᠦ ᠶᠢ ᠴᠢᠩᠭᠠᠯᠠᠵᠤ ᠬᠦᠯᠡᠮᠵᠢ ᠶᠢᠨ ᠪᠦᠷᠬᠦᠪᠴᠢ ᠶᠢ ᠪᠠᠬᠢᠯᠡᠨ᠂ ᠰᠠᠯᠬᠢ ᠳᠠᠭᠠᠭᠠᠬᠤ | ᠴᠢᠳᠠᠪᠤᠷᠢ ᠶᠢ ᠨᠡᠮᠡᠭᠳᠡᠭᠦᠯᠦᠨ᠂ ᠬᠦᠯᠡᠮᠵᠢ ᠶᠢᠨ ᠨᠤᠷᠠᠬᠤ ᠶᠢ ᠰᠡᠷᠭᠡᠶᠢᠯᠡᠨ᠎ᠡ᠃ ᠰᠠᠯᠬᠢᠨ ᠤ ᠬᠦᠴᠦ ᠨᠡᠯᠢᠶᠡᠳ ᠶᠡᠭᠡ | ᠦᠶ᠎ᠡ ᠳᠤ᠂ ᠰᠠᠯᠬᠢ ᠨᠡᠪᠲᠡᠷᠡᠭᠦᠯᠬᠦ ᠠᠮᠠᠰᠠᠷ ᠪᠦᠬᠦᠨ ᠢ ᠲᠦᠢᠯᠪᠤᠷᠢᠲᠠᠢ ᠬᠠᠭᠠᠵᠤ᠂ ︽ᠰᠢᠯᠤᠭᠤᠨ ᠰᠠᠯᠬᠢ︾ | ᠬᠦᠯᠡᠮᠵᠢ ᠶᠢ ᠰᠡᠬᠦᠬᠦ ᠠᠴᠠ ᠰᠡᠷᠭᠡᠶᠢᠯᠡᠬᠦ ᠬᠡᠷᠡᠭᠲᠡᠢ᠃ ᠨᠡᠷᠡᠨ ᠤ ᠬᠡᠷᠡᠯ ᠤᠨ ᠬᠦᠯᠡᠮᠵᠢ ᠳᠤ ᠴᠢᠭᠯᠡᠭᠦᠯᠦᠨ ᠬᠥᠪᠥᠩ | ᠬᠥᠨᠵᠢᠯᠡ ᠪᠠᠨ ᠲᠡᠭᠰᠢᠯᠡᠵᠦ᠂ ᠡᠪᠬᠡᠮᠡᠯ ᠣᠷᠬᠢᠭᠤᠯ ᠤᠨ ᠮᠠᠰᠢᠨ ᠤ ᠠᠵᠢᠯᠯᠠᠵᠤ ᠪᠠᠶᠢᠭ᠎ᠠ ᠪᠠᠶᠢᠳᠠᠯ ᠢ ᠪᠠᠶᠢᠴᠠᠭᠠᠵᠤ᠂ | ᠳᠤᠯᠠᠭᠠᠨ ᠤ ᠬᠡᠮᠵᠢᠶ᠎ᠡ ᠶᠢᠨ ᠥᠨᠳᠥᠷ ᠳᠤᠤᠷ᠎ᠠ ᠶᠢ ᠦᠨᠳᠦᠰᠦᠯᠡᠨ ᠬᠥᠪᠥᠩ ᠬᠥᠨᠵᠢᠯᠡ ᠪᠠᠨ ᠲᠠᠯᠪᠢᠬᠤ ᠬᠡᠷᠡᠭᠲᠡᠢ︔ | ᠳᠤᠯᠠᠭᠠᠨ ᠢ ᠬᠠᠳᠠᠭᠠᠯᠠᠬᠤ ᠴᠢᠳᠠᠪᠤᠷᠢ ᠪᠠᠷ ᠠᠨᠠᠢ ᠬᠦᠯᠡᠮᠵᠢ ᠳᠤ ᠴᠢᠬᠢ ᠪᠤᠶᠢᠵᠢᠭᠤᠯᠬᠤ ᠳᠤ ᠴᠢᠬᠢ ᠶᠢᠨ ᠣᠷᠣ ᠶᠢ | ᠰᠦᠯᠢᠶᠥᠦ ᠪᠦᠷᠬᠦᠪᠴᠢ ᠪᠠᠷ ᠪᠦᠷᠬᠦᠬᠦ ᠪᠤᠶᠤ ᠵᠢᠵᠢᠭ ᠭᠤᠯᠳᠤᠩ ᠰᠠᠷᠠᠪᠴᠢ ᠪᠠᠷᠢᠵᠤ᠂ ᠳᠤᠯᠠᠭᠠᠨ ᠢ ᠨᠡᠮᠡᠭᠳᠡᠭᠦᠯᠦᠨ | ᠴᠢᠭᠢᠭ ᠢ ᠬᠠᠮᠠᠭᠠᠯᠠᠬᠤ ᠬᠡᠰᠡᠭ ︵ᠴᠠᠬᠢᠯᠠᠭᠠᠨ ᠢᠶᠠᠷ ᠳᠤᠯᠠᠭᠠᠯᠠᠬᠤ ᠮᠠᠰᠢᠨ︶ ᠢ ᠪᠡᠯᠳᠭᠡᠵᠦ᠂ ᠬᠦᠯᠡᠮᠵᠢ ᠶᠢᠨ | ᠳᠤᠯᠠᠭᠠᠨ ᠤ ᠬᠡᠮᠵᠢᠶ᠎ᠡ ᠶᠢ ᠪᠠᠶᠢᠴᠠᠭᠠᠵᠤ ᠴᠠᠭ ᠲᠤᠬᠠᠢ ᠳᠤᠨᠢ ᠳᠤᠯᠠᠭᠠᠨ ᠢ ᠨᠡᠮᠡᠭᠳᠡᠭᠦᠯᠦᠭᠴᠢ ᠶᠢ ᠨᠣᠴᠣᠭᠠᠵᠤ | ᠳᠤᠯᠠᠭᠠᠯᠠᠵᠤ᠂ ᠲᠥᠬᠦᠭᠡᠷᠦᠮᠵᠢᠲᠦ ᠲᠠᠷᠢᠮᠠᠯ ᠤᠨ ᠬᠦᠢᠲᠡᠨ ᠤ ᠭᠠᠮᠰᠢᠭ ᠲᠤ ᠤᠴᠠᠷᠠᠬᠤ ᠶᠢ ᠤᠷᠢᠳᠴᠢᠯᠠᠨ ᠰᠡᠷᠭᠡᠶᠢᠯᠡᠬᠦ | ᠬᠡᠷᠡᠭᠲᠡᠢ︔ ᠣᠶᠢᠷ᠎ᠠ ᠶᠢᠨ ᠬᠤᠭᠤᠴᠠᠭᠠᠨ ᠳᠤ ᠰᠦᠯᠢᠶᠥᠦ ᠬᠦᠯᠡᠮᠵᠢ ᠳᠤ ᠰᠠᠭᠤᠯᠭᠠᠬᠤ ᠪᠠᠷ ᠲᠥᠯᠥᠪᠯᠡᠵᠦ ᠪᠠᠶᠢᠭ᠎ᠠ | ᠲᠥᠬᠦᠭᠡᠷᠦᠮᠵᠢᠲᠦ ᠲᠠᠷᠢᠮᠠᠯ ᠢ ᠲᠦᠷ ᠬᠤᠶᠢᠰᠢᠯᠠᠭᠤᠯᠵᠤ᠂ ᠠᠭᠠᠷ ᠤᠨ ᠳᠤᠯᠠᠭᠠᠨ ᠲᠣᠭᠲᠠᠭᠤᠨ ᠪᠣᠯᠤᠭᠰᠠᠨ ᠤ | ᠲᠠᠷᠠᠭ᠎ᠠ ᠰᠠᠶ᠋ᠢ ᠰᠠᠭᠤᠯᠭᠠᠬᠤ ᠶᠢᠨ ᠬᠠᠮᠲᠤ ᠴᠢᠬᠢ ᠶᠢᠨ ᠬᠤᠭᠤᠴᠠᠭᠠᠨ ᠤ ᠬᠠᠮᠢᠶᠠᠷᠤᠯᠲᠠ ᠶᠢ ᠠᠩᠬᠠᠷᠴᠤ᠂ ᠭᠠᠩ | ᠬᠠᠭᠰᠠᠷᠠᠭᠠᠨ ᠲᠠᠢ ᠲᠡᠮᠡᠴᠡᠵᠦ ᠰᠠᠯᠬᠢ ᠨᠡᠪᠲᠡᠷᠡᠭᠦᠯᠦᠨ ᠴᠢᠬᠢ ᠰᠡᠶᠢᠷᠡᠭᠵᠢᠭᠦᠯᠬᠦ ᠶᠢ ᠴᠢᠩᠭᠠᠳᠬᠠᠵᠤ᠂ ᠴᠢᠬᠢ ᠶᠢᠨ | ᠲᠠᠯᠠᠭᠠᠷ ᠤᠷᠭᠤᠬᠤ ᠶᠢ ᠰᠡᠷᠭᠡᠶᠢᠯᠡᠬᠦ ᠬᠡᠷᠡᠭᠲᠡᠢ᠃ ᠨᠢᠭᠡᠨᠲᠡ ᠵᠠᠳᠠᠭᠠᠢ ᠭᠠᠵᠠᠷ ᠲᠤ ᠳᠠᠷᠢᠭᠰᠠᠨ ᠠᠵᠤ ᠠᠬᠤᠢ ᠶᠢᠨ | ᠲᠠᠷᠢᠮᠠᠯ ᠳᠤ ᠴᠢᠭᠯᠡᠭᠦᠯᠦᠨ᠂ ᠴᠠᠭ ᠲᠤᠬᠠᠢ ᠳᠤᠨᠢ ᠵᠢᠵᠢᠭ ᠭᠤᠯᠳᠤᠩ ᠬᠦᠯᠡᠮᠵᠢ ᠪᠠᠶᠢᠭᠤᠯᠵᠤ᠂ ᠨᠠᠮᠬᠠᠳᠬᠠᠯ ᠤᠨ | ᠲᠣᠭᠤᠷᠢᠭ ᠢ ᠪᠠᠶᠢᠭᠤᠯᠤᠨ᠂ ᠳᠣᠣᠷ᠎ᠠ ᠳᠤᠯᠠᠭᠠᠨ ᠤ ᠬᠦᠢᠲᠡᠨ ᠤ ᠬᠥᠨᠥᠭᠡᠯ ᠤᠨ ᠨᠥᠯᠥᠭᠡ ᠶᠢ ᠪᠠᠭᠠᠰᠬᠠᠬᠤ ᠬᠡᠷᠡᠭᠲᠡᠢ᠃ | ᠬᠤᠶᠠᠷ᠂ ᠬᠠᠮᠢᠶᠠᠷᠤᠯᠲᠠ ᠪᠠᠨ ᠴᠢᠩᠭᠠᠳᠬᠠᠵᠤ᠂ ᠬᠤᠬᠢᠷᠠᠯ ᠢ ᠪᠠᠭᠠᠰᠬᠠᠬᠤ ᠬᠡᠷᠡᠭᠲᠡᠢ ᠰᠢᠷᠬᠠᠲᠤᠭᠰᠠᠨ ᠤᠷᠭᠤᠮᠠᠯ ᠢ | ᠴᠠᠭ ᠲᠤᠬᠠᠢ ᠳᠤᠨᠢ ᠲᠡᠭᠰᠢᠯᠡᠵᠦ᠂ ᠲᠠᠷᠢᠶᠠᠨ ᠤ ᠦᠯᠡᠳᠡᠭᠳᠡᠯ ᠨᠠᠮᠠᠭ᠎ᠠ ᠶᠢ ᠴᠡᠪᠡᠷᠯᠡᠨ ᠠᠷᠢᠯᠭᠠᠵᠤ᠂ ᠬᠠᠭᠤᠴᠢᠨ | ᠨᠠᠪᠴᠢ᠂ ᠬᠠᠲᠠᠭᠰᠠᠨ ᠨᠠᠪᠴᠢ ᠶᠢ ᠨᠢ ᠠᠪᠴᠤ ᠬᠠᠶᠠᠭᠠᠳ ᠨᠠᠯᠠᠨ ᠤᠨᠠᠭᠰᠠᠨ ᠬᠠᠰᠢ ᠵᠢᠮᠢᠰ ᠤᠨ ᠲᠦᠷᠦᠯ ᠤᠨ | ᠢᠳᠡᠰᠢᠨ ᠨᠣᠭᠤᠭ᠎ᠠ ᠶᠢ ᠴᠠᠭ ᠲᠤᠬᠠᠢ ᠳᠤᠨᠢ ᠲᠡᠭᠰᠢᠯᠡᠨ ᠪᠠᠬᠢᠯᠡᠵᠦ᠂ ᠠᠮᠲᠠᠲᠤ ᠬᠡᠮᠬᠡ᠂ ᠲᠠᠷᠪᠤᠰ᠂ ᠬᠠᠮᠢᠯ ᠬᠡᠮᠬᠡ | ᠵᠡᠷᠭᠡ ᠲᠠᠷᠢᠮᠠᠯ ᠢ ᠴᠠᠭ ᠲᠤᠬᠠᠢ ᠳᠤᠨᠢ ᠵᠡᠯᠡᠯᠡᠨ ᠲᠠᠯᠪᠢᠬᠤ ᠬᠡᠷᠡᠭᠲᠡᠢ᠃ ᠬᠦᠯᠡᠮᠵᠢ ᠶᠢᠨ ᠴᠢᠭᠢᠭᠲᠦᠴᠡ ᠶᠡᠭᠡ ᠠᠴᠠ | ᠡᠪᠡᠳᠴᠢᠨ ᠤ ᠬᠥᠨᠥᠭᠡᠯ ᠡᠭᠦᠰᠬᠦ ᠦᠶ᠎ᠡ ᠳᠤ᠂ ᠣᠲᠤᠭ᠎ᠠ ᠮᠠᠨᠠᠨ ᠤ ᠡᠮ ᠪᠤᠶᠤ ᠪᠢᠴᠢᠯ ᠨᠤᠨᠳᠠᠭ ᠤᠨ ᠡᠮ ᠢᠶᠠᠷ | ᠤᠲᠤᠵᠤ ᠵᠢᠩᠨᠡᠬᠦ ᠠᠷᠭ᠎ᠠ ᠶᠢ ᠬᠡᠷᠡᠭᠯᠡᠵᠦ ᠪᠣᠯᠣᠨ᠎ᠠ᠃ ᠬᠡᠷᠪᠡ ᠬᠦᠯᠡᠮᠵᠢ ᠶᠢᠨ ᠥᠷᠥᠭᠡᠨ ᠤ ᠴᠢᠭᠢᠭ ᠤᠨ ᠬᠡᠮᠵᠢᠶ᠎ᠡ ᠨᠢ | ᠬᠡᠲᠦᠷᠬᠡᠢ ᠥᠨᠳᠥᠷ ᠪᠤᠯ ᠰᠠᠯᠬᠢᠨ ᠤ ᠶᠡᠭᠡ ᠪᠠᠭ᠎ᠠ ᠶᠢ ᠦᠵᠡᠵᠦ ᠵᠣᠬᠢᠰᠲᠠᠢ ᠰᠠᠯᠬᠢ ᠨᠡᠪᠲᠡᠷᠡᠭᠦᠯᠦᠨ᠂ ᠬᠦᠯᠡᠮᠵᠢ ᠶᠢᠨ | ᠴᠢᠭᠢᠭ ᠤᠨ ᠬᠡᠮᠵᠢᠶ᠎ᠡ ᠶᠢ ᠪᠠᠭᠤᠷᠠᠭᠤᠯᠵᠤ᠂ ᠡᠪᠡᠳᠴᠢᠨ ᠤ ᠬᠥᠨᠥᠭᠡᠯ ᠢ ᠪᠠᠭᠠᠰᠬᠠᠨ᠂ ᠲᠤᠩᠭᠠᠯᠠᠭ ᠡᠳᠦᠷ ᠲᠤ | ᠴᠢᠳᠠᠬᠤ ᠶᠢᠨ ᠳᠣᠲᠣᠷ᠎ᠠ ᠬᠥᠪᠥᠩ ᠬᠥᠨᠵᠢᠯᠡ ᠶᠢ ᠡᠷᠲᠡ ᠰᠡᠬᠦᠵᠦ ᠣᠷᠣᠢ ᠳᠤᠨᠢ ᠪᠦᠲᠡᠭᠡᠵᠦ᠂ ᠨᠡᠩ ᠠᠷᠪᠢᠨ | ᠭᠡᠷᠡᠯ ᠤᠨ ᠲᠤᠰᠤᠯᠲᠠ ᠪᠠ ᠳᠤᠯᠠᠭᠠᠨ ᠤ ᠬᠡᠮᠵᠢᠶ᠎ᠡ ᠶᠢ ᠬᠤᠷᠠᠮᠳᠤᠭᠤᠯᠬᠤ ᠶᠢᠨ ᠬᠠᠮᠲᠤ ᠹᠣᠰᠹᠣᠷ ᠬᠦᠴᠢᠯ ᠤᠨ ᠬᠤᠶᠠᠷ | ᠤᠰᠤᠲᠥ᠋ᠷᠥᠭᠴᠢᠲᠤ ᠺᠠᠯᠢ᠂ ᠬᠥᠪᠳᠥ ᠶᠢᠨ ᠡᠳ᠋᠂ ᠬᠤᠶᠠᠭ ᠤᠨ ᠡᠳ᠋ ᠵᠡᠷᠭᠡ ᠨᠠᠪᠴᠢᠨ ᠤ ᠪᠣᠷᠳᠣᠭᠤᠷ ᠢ ᠰᠦᠷᠴᠢᠨ | ᠣᠷᠣᠭᠤᠯᠵᠤ᠂ ᠡᠰᠢ ᠨᠠᠪᠴᠢ ᠶᠢᠨ ᠰᠡᠷᠭᠦᠯᠲᠡ ᠪᠠ ᠦᠨᠳᠦᠰᠦ ᠶᠢᠨ ᠰᠢᠰᠲ᠋ᠧᠮ ᠤᠨ ᠥᠰᠦᠯᠲᠡ ᠪᠤᠶᠢᠵᠢᠯᠲᠠ ᠶᠢ | ᠠᠬᠢᠭᠤᠯᠤᠨ᠎ᠠ᠃ ᠨᠢᠭᠡᠨᠲᠡ ᠳᠣᠣᠷ᠎ᠠ ᠳᠤᠯᠠᠭᠠᠨ ᠳᠤ ᠬᠦᠢᠲᠡᠨ ᠤ ᠬᠥᠨᠥᠭᠡᠯ ᠡᠭᠦᠰᠦᠭᠰᠡᠨ ᠪᠠᠶᠢᠪᠠᠯ᠂ ᠴᠢᠯᠦᠭᠡᠲᠦ | ᠰᠢᠪᠲᠦᠷᠲᠦ ᠬᠦᠴᠢᠯ ᠢ ᠰᠦᠷᠴᠢᠨ ᠣᠷᠣᠭᠤᠯᠵᠤ᠂ ᠡᠰ ᠤᠨ ᠨᠡᠬᠡᠳᠡᠰᠦ ᠶᠢᠨ ᠰᠡᠷᠭᠦᠭᠡᠯᠲᠡ ᠶᠢ ᠲᠦᠷᠭᠡᠳᠬᠡᠵᠦ᠂ | ᠬᠥᠯᠳᠡᠬᠦ ᠭᠠᠮᠰᠢᠭ ᠢ ᠨᠠᠮᠳᠠᠭᠤᠯᠤᠨ᠎ᠠ᠃ ᠮᠡᠳᠡᠭᠡ ᠵᠠᠩᠭᠢ ᠶᠢᠨ ᠢᠷᠡᠯᠲᠡ᠄ ᠣᠷᠳᠣᠰ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ |