ᠭᠠᠷᠠᠭ ᠤᠨ ᠡᠷᠭᠢᠴᠡᠭᠦᠯᠦᠯ | ︵2025 ᠣᠨ ᠤ 5 ᠰᠠᠷ᠎ᠠ ᠶᠢᠨ 6 ᠤ ᠡᠳᠦᠷ | - 2025 ᠣᠨ ᠤ 5 ᠰᠠᠷ᠎ᠠ ᠶᠢᠨ 11 ᠤ ᠡᠳᠦᠷ︶ | | 5 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠲᠣᠭᠲᠠᠮᠠᠯ ᠬᠥᠷᠥᠩᠭᠡ ᠶᠢᠨ | ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠲᠠᠮᠠᠯ ᠬᠥᠷᠥᠩᠭᠡ ᠶᠢᠨ ᠨᠠᠷᠢᠯᠢᠭᠵᠢᠭᠰᠠᠨ᠂ | ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮᠲ᠋ᠡᠭᠡᠭᠰᠢᠯᠡᠭᠦᠯᠪᠡ᠃ | 5 ᠰᠠᠷ᠎ᠠ ᠶᠢᠨ 8 ᠤ ᠡᠳᠦᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠤᠮᠤᠨ ᠳᠤ ᠬᠦᠷᠴᠦ | ᠪᠠᠶᠠᠨᠲᠣᠬᠤᠶ ᠰᠤᠮᠤ ᠶᠢᠨ ᠮᠠᠷᠵᠠ ᠭᠠᠴᠠᠭᠠᠨ ᠤ ᠭᠡᠷᠡᠯᠲᠦᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ | ᠪᠠᠶᠠᠨᠲᠣᠬᠤᠶ ᠰᠤᠮᠤ ᠶᠢᠨ ᠮᠠᠷᠵᠠ ᠭᠠᠴᠠᠭᠠᠨ ᠤ ᠲᠠᠷᠢᠶᠠᠯᠠᠩ ᠤᠨ ᠮᠠᠰᠢᠨ ᠪᠠᠭᠠᠵᠢ ᠶᠢ ᠵᠣᠭᠰᠣᠭᠠᠬᠤ ᠲᠥᠪ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠠᠶᠠᠨᠲᠣᠬᠤᠶ ᠰᠤᠮᠤ ᠶᠢᠨ ᠣᠯᠠᠨ ᠨᠡᠶᠢᠲᠡ ᠶᠢᠨ ᠰᠣᠶᠣᠯ ᠤᠨ | ᠠᠵᠢᠯᠯᠠᠭᠠᠨ ᠤ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠠᠶᠠᠨᠲᠣᠬᠤᠶ ᠰᠤᠮᠤ ᠶᠢᠨ ᠮᠠᠷᠵᠠ | ᠭᠠᠴᠠᠭᠠᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ | ᠵᠦᠢᠯ ᠤᠨ ᠲᠥᠰᠦᠪ ᠤᠨ ᠭᠦᠢᠴᠡᠳᠭᠡᠯ ᠢ ᠬᠢᠨᠠᠨ ᠪᠤᠳᠤᠬᠤ ᠠᠵᠢᠯ ᠢ ᠲᠤᠬᠠᠶ ᠶᠢᠨ ᠭᠠᠵᠠᠷ ᠲᠤᠨᠢ ᠥᠷᠨᠢᠭᠦᠯᠪᠡ᠃ | 5 ᠰᠠᠷ᠎ᠠ ᠶᠢᠨ 9 ᠤ ᠡᠳᠦᠷ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠷᠦᠬᠡ ᠳᠤ ᠬᠦᠷᠴᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠨᠢᠭᠤᠴᠠ ᠶᠢ | ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠤ | ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ | ᠨᠢᠭᠤᠴᠠ ᠶᠢ ᠬᠠᠮᠠᠭᠠᠯᠠᠬᠤ ᠶᠢ ᠰᠤᠷᠤᠯᠴᠠᠬᠤ᠂ ᠨᠢᠭᠤᠴᠠ ᠶᠢ ᠬᠠᠮᠠᠭᠠᠯᠠᠬᠤ ᠶᠢ ᠮᠡᠳᠡᠬᠦ᠂ ᠨᠢᠭᠤᠴᠠ ᠶᠢ ᠬᠠᠮᠠᠭᠠᠯᠠᠬᠤ ᠶᠢ | ᠡᠷᠬᠢᠮᠯᠡᠬᠦ᠂ ᠨᠢᠭᠤᠴᠠ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | 5 ᠰᠠᠷ᠎ᠠ ᠶᠢᠨ 10 ᠤ ᠡᠳᠦᠷ᠂ ᠭᠤᠣᠯ ᠢ ᠲᠣᠭᠤᠷᠢᠨ ᠪᠠᠶᠢᠴᠠᠭᠠᠬᠤ ᠲᠣᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ | 5 ᠳ᠋ᠤᠭᠠᠷ ᠰᠠᠷ᠎ᠠ ᠶᠢᠨ 10 ᠤ ᠡᠳᠦᠷ᠂ ᠡᠳᠦᠷ ᠲᠤᠲᠤᠮ ᠤᠨ ᠬᠢᠯᠢ ᠬᠢᠵᠠᠭᠠᠷ ᠢ ᠲᠣᠭᠤᠷᠢᠨ ᠪᠠᠶᠢᠴᠠᠭᠠᠵᠤ | ᠬᠠᠮᠠᠭᠠᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠣᠭᠤᠷᠢᠨ ᠪᠠᠶᠢᠴᠠᠭᠠᠬᠤ | ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠳᠤᠷ᠎ᠠ ᠪᠠᠷ ᠢᠶᠠᠨ ᠳᠠᠬᠢᠨ | ᠬᠠᠭᠠᠯᠪᠤᠷᠢᠯᠠᠭᠰᠠᠨ ᠡᠰᠡᠬᠦ᠂ ᠠᠲᠠᠷ ᠬᠠᠭᠠᠯᠪᠤᠷᠢᠯᠠᠭᠰᠠᠨ ᠡᠰᠡᠬᠦ ᠵᠡᠷᠭᠡ ᠦᠵᠡᠭᠳᠡᠯ ᠢ ᠭᠤᠤᠯᠳᠠᠯᠭ᠎ᠠ ᠲᠠᠢ ᠲᠣᠭᠤᠷᠢᠨ | ᠪᠠᠶᠢᠴᠠᠭᠠᠪᠠ᠃ | 5 ᠰᠠᠷ᠎ᠠ ᠶᠢᠨ 11 ᠤ ᠡᠳᠦᠷ ᠬᠠᠷᠢᠶ᠎ᠠ ᠣᠷᠣᠨ ᠤ ᠳᠣᠲᠣᠷᠠᠬᠢ ᠳ᠋ᠠ ᠸᠠᠨ ᠴᠧᠩ᠂ ᠵᠢᠩ ᠱᠦᠢ ᠭᠤᠸᠠᠨ ᠵᠡᠷᠭᠡ | ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠲᠤ ᠲᠣᠭᠤᠷᠢᠨ ᠪᠠᠶᠢᠴᠠᠭᠠᠯᠲᠠ ᠬᠢᠵᠦ᠂ ᠲᠡᠦᠬᠡ ᠶᠢᠨ ᠳᠤᠷᠠᠰᠬᠠᠯᠲᠤ | ᠵᠦᠢᠯᠡᠰ ᠢ ᠡᠪᠳᠡᠬᠦ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠪᠠ᠃ |