ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠪᠰᠤᠷᠤᠨ | ᠲᠡᠳᠬᠦᠬᠦ ᠠᠵᠢᠯᠯᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ | ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠢᠴᠢ ᠠᠯᠠᠱᠠ ᠵᠡᠭᠦᠨ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠲᠤᠰᠬᠠᠶ ᠮᠡᠷᠭᠡᠵᠢᠯᠲᠡᠨ ᠤ ᠪᠦᠯᠬᠦᠮ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠴᠡᠭᠡ ᠪᠣᠭᠤᠮᠲᠠ ᠶᠢᠨ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠠᠢ ᠬᠠᠮᠲᠤᠷᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠪᠠᠶᠢᠴᠠᠭᠠᠬᠤ | ᠳᠤᠭᠤᠶᠢᠯᠠᠩ ᠤᠷᠢᠳ ᠬᠤᠵᠢᠳ ᠨᠡᠭᠡᠭᠡᠨ ᠬᠥᠭᠵᠢᠭᠦᠯᠬᠦ ᠣᠷᠣᠨ ᠤ 8 ᠭᠤᠤᠯᠳᠠᠯᠭ᠎ᠠ ᠲᠠᠢ ᠠᠵᠤ ᠠᠬᠤᠶᠢᠯᠠᠯ ᠪᠣᠯᠤᠨ | 1 ᠡᠮᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠵᠦ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠶᠠᠷᠢᠯᠴᠠᠨ | ᠰᠣᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠥᠳᠡᠯᠮᠦᠷᠢ ᠶᠢᠨ ᠭᠡᠷ᠎ᠡ ᠲᠣᠭᠲᠠᠬᠤ᠂ ︽ᠭᠤᠷᠪᠠ ᠶᠢ ᠬᠠᠮᠲᠤ ᠳᠤᠨᠢ ᠬᠢᠬᠦ︾ ᠶᠢ | ᠬᠡᠷᠡᠭᠵᠢᠭᠦᠯᠦᠭᠰᠡᠨ ᠪᠠᠶᠢᠳᠠᠯ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠤᠬᠠᠭᠤᠯᠭ᠎ᠠ | ᠪᠣᠯᠪᠠᠰᠤᠷᠠᠭᠤᠯᠤᠯ᠂ ᠬᠤᠤᠷ ᠬᠥᠨᠥᠭᠡᠯ ᠲᠠᠢ ᠬᠦᠴᠦᠨ ᠵᠦᠢᠯ ᠢ ᠬᠢᠨᠠᠨ ᠬᠡᠮᠵᠢᠬᠦ ᠪᠠ ᠪᠠᠶᠢᠴᠠᠭᠠᠨ ᠬᠡᠮᠵᠢᠬᠦ᠂ ᠬᠥᠮᠦᠨ | ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠢᠨᠠᠨ ᠬᠠᠮᠠᠭᠠᠯᠠᠬᠤ ᠬᠠᠮᠢᠶᠠᠷᠤᠯᠲᠠ᠂ ᠬᠤᠪᠢ | ᠬᠥᠮᠦᠨ ᠤ ᠬᠠᠮᠠᠭᠠᠯᠠᠯᠲᠠ ᠶᠢᠨ ᠬᠡᠷᠡᠭᠰᠡᠯ᠂ ᠠᠵᠢᠯᠯᠠᠬᠤ ᠲᠠᠯᠠᠪᠤᠷ ᠭᠠᠵᠠᠷ ᠤᠨ ᠠᠵᠢᠯ ᠮᠡᠷᠭᠡᠵᠢᠯ ᠤᠨ ᠡᠷᠡᠭᠦᠯ | ᠬᠠᠮᠠᠭᠠᠯᠠᠯ ᠤᠨ ᠦᠨᠳᠦᠰᠦᠨ ᠨᠥᠬᠦᠴᠡᠯ ᠵᠡᠷᠭᠡ 11 ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠪᠠ | ᠵᠢᠯᠣᠭᠤᠳᠣᠯᠭ᠎ᠠ ᠬᠢᠵᠦ᠂ ᠠᠵᠢᠯ ᠮᠡᠷᠭᠡᠵᠢᠯ ᠤᠨ ᠬᠥᠮᠦᠰ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠠᠵᠤ | ᠠᠬᠤᠶᠢᠯᠠᠯ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠥᠳᠡᠯᠮᠦᠷᠢᠴᠢᠳ ᠤᠨ ᠠᠵᠢᠯ ᠤᠨ | ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠤᠨ ᠲᠤᠬᠠᠶ ᠲᠠᠨᠢᠯᠲᠠ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠨᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾᠂ ︽ᠠᠵᠢᠯ ᠮᠡᠷᠭᠡᠵᠢᠯ ᠤᠨ | ᠰᠡᠳᠬᠢᠴᠡ ᠶᠢᠨ ᠡᠷᠡᠭᠦᠯ ᠮᠡᠨᠳᠦ︾ ᠶᠢᠨ ᠠᠵᠢᠯ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠵᠢᠯ ᠤᠨ ᠨᠥᠯᠥᠭᠡᠨ ᠤ ᠡᠪᠡᠳᠴᠢᠨ ᠤ ᠬᠤᠤᠷ | ᠬᠥᠨᠥᠭᠡᠯ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠵᠤ᠂ ᠠᠵᠤ ᠠᠬᠤᠶᠢᠯᠠᠯ ᠤᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ | ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠨ᠎ᠡ᠃ |