ᠤᠳᠤ ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠪᠦᠭᠦ | ᠣᠷᠣᠨ ᠤ ᠡᠯ᠎ᠡ ᠭᠠᠵᠠᠷ ᠤᠨ ᠬᠢᠨ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠢᠶᠠᠨ ᠲᠦᠷᠭᠡᠳᠬᠡᠨ | ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠦᠭᠦ | ᠬᠦᠴᠦᠨ ᠢᠶᠠᠷ ᠢᠶᠠᠨ ᠪᠠᠲᠤᠯᠠᠭ᠎ᠠ ᠬᠠᠩᠭᠠᠵᠤ ᠪᠠᠶᠢᠨ᠎ᠠ᠃ | ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠦ᠋ ᠴᠢᠨ ᠲᠠᠷᠢᠶᠠᠯᠠᠩ | ᠮᠠᠯᠵᠢᠯ ᠤᠨ ᠲᠠᠯᠠᠪᠠᠶ ᠳᠤ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠬᠠᠪᠰᠤᠷᠤᠨ ᠵᠢᠯᠤᠭᠤᠳᠬᠤ ᠰᠢᠰᠲ᠋ᠧᠮ ᠢ | ᠤᠭᠰᠠᠷᠠᠭᠰᠠᠨ ᠣᠶᠤᠨᠴᠢ ᠲᠠᠷᠢᠬᠤ ᠮᠠᠰᠢᠨ ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠨ ᠪᠤᠭᠤᠳᠠᠢ | ᠲᠠᠷᠢᠵᠤ ᠬᠦᠷᠴᠢᠭᠢᠨᠡᠨᠡ᠃ ᠡᠨᠡ ᠵᠢᠯ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠨᠡᠶᠢᠳᠡ 580 | ᠲᠦᠮᠡᠨ ᠮᠦ ᠲᠠᠷᠢᠶ᠎ᠠ ᠲᠠᠷᠢᠬᠤ ᠪᠠᠷ ᠲᠥᠯᠥᠪᠯᠡᠵᠦ᠂ ᠲᠠᠷᠢᠶᠠᠯᠠᠩ ᠤᠨ ᠮᠡᠷᠭᠡᠵᠢᠯᠲᠡᠳ ᠲᠠᠷᠢᠶᠠᠨ ᠭᠠᠵᠠᠷ ᠲᠤ | ᠭᠦᠨᠵᠡᠭᠡᠶᠢᠷᠡᠨ᠂ ᠬᠠᠪᠤᠷ ᠤᠨ ᠲᠠᠷᠢᠶᠠᠯᠠᠭ᠎ᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ | ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠵᠤ ᠪᠠᠶᠢᠨ᠎ᠠ᠃ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠣᠷᠪᠣᠭ ᠪᠠᠯᠭᠠᠰᠤ ᠶᠢᠨ ᠵᠡᠭᠦᠨ ᠰᠢᠪᠡᠭᠡ ᠶᠢᠨ ᠠᠶᠢᠯ | ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠳᠤ ᠣᠶᠤᠨᠴᠢ ᠳᠠᠷᠢᠬᠤ | ᠮᠠᠰᠢᠨ ᠨᠢ ᠦᠷ᠎ᠡ ᠬᠠᠶᠠᠬᠤ ᠵᠠᠢ ᠶᠢᠨ ᠰᠠᠨᠲ᠋ᠢᠮᠧᠳ᠋ᠷ ᠲᠠᠰ ᠤᠨ ᠣᠨᠣᠴᠠᠲᠠᠢ ᠪᠠᠶᠢᠷᠢ ᠲᠣᠭᠲᠠᠭᠠᠯᠲᠠ ᠶᠢ ᠪᠡᠶᠡᠯᠡᠭᠦᠯᠵᠦ᠂ | ᠠᠮᠤ ᠪᠤᠳᠠᠭᠠᠨ ᠤ ᠥᠨᠳᠥᠷ ᠤᠨᠠᠯᠲᠠ ᠳᠤ ᠰᠠᠭᠤᠷᠢ ᠲᠠᠯᠪᠢᠯ᠎ᠠ᠃ ᠣᠶᠢᠷ᠎ᠠ ᠶᠢᠨ ᠡᠳᠦᠷ ᠤᠳ ᠲᠤ ᠲᠦᠩᠯᠢᠶᠣᠣ | ᠬᠤᠲᠠ ᠡᠳᠦᠷ ᠪᠦᠷᠢ ᠳᠤᠮᠳᠠᠴᠢ ᠪᠠᠷ 5 ᠲᠦᠮᠡ ᠭᠠᠷᠤᠢ ᠮᠦ ᠶᠢ ᠲᠠᠷᠢᠶ᠎ᠠ ᠲᠠᠷᠢᠵᠤ ᠪᠤᠢ᠃ | ᠤᠯᠠᠭᠠᠨᠬᠠᠳᠠ ᠬᠤᠲᠠ ᠶᠢᠨ 1700 ᠲᠦᠮᠡ ᠭᠠᠷᠤᠢ ᠮᠦ ᠲᠠᠷᠢᠶᠠᠨ ᠭᠠᠵᠠᠷ ᠲᠠᠷᠢᠵᠤ ᠤᠰᠤᠯᠠᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠤᠯᠠᠭᠠᠨᠬᠠᠳᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠦᠢᠯᠡᠴᠢᠯᠡᠭᠡᠨ ᠤ ᠬᠤᠪᠢᠶᠠᠷᠢ ᠠᠩᠭᠢ ᠶᠢᠨ | ᠭᠡᠰᠢᠭᠦᠳ ᠲᠠᠷᠢᠶᠠᠨ ᠭᠠᠵᠠᠷ ᠲᠤ ᠭᠦᠨᠵᠡᠭᠡᠶᠢᠷᠡᠵᠦ ᠲᠠᠷᠢᠶᠠᠴᠢᠳ ᠤᠨ ᠴᠠᠭᠢᠯᠭᠠᠨ ᠬᠡᠷᠡᠭᠯᠡᠬᠦ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠨ ᠥᠭᠴᠦ ᠪᠤᠢ᠃ ᠡᠭᠦᠨ ᠤ ᠬᠠᠮᠲᠤ ᠪᠠᠰᠠ ᠵᠢᠯᠣᠭᠤᠴᠢ ᠦᠭᠡᠢ ᠨᠢᠰᠬᠡᠯ ᠢ ᠠᠰᠢᠭᠯᠠᠨ | ᠬᠠᠷᠢᠶᠠᠲᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠵᠠᠮ ᠱᠤᠭᠤᠮ ᠤᠨ ᠲᠥᠬᠦᠭᠡᠷᠦᠮᠵᠢ ᠳᠤ ︽ᠪᠣᠰᠤᠭ᠎ᠠ | ᠴᠣᠭᠴᠠᠲᠤ ᠲᠣᠭᠤᠷᠢᠨ ᠪᠠᠶᠢᠴᠠᠭᠠᠯᠲᠠ︾ ᠬᠢᠵᠦ᠂ ᠬᠠᠮᠢᠶ᠎ᠠ ᠪᠦᠬᠦᠢ ᠭᠡᠮ ᠰᠣᠭᠤᠭ ᠢ ᠴᠠᠭ ᠲᠤᠬᠠᠢ ᠳᠤᠨᠢ | ᠢᠯᠡᠷᠡᠭᠦᠯᠦᠨ ᠪᠦᠳᠦᠮᠵᠢᠳᠠᠢ ᠰᠢᠢᠳᠪᠦᠷᠢᠯᠡᠵᠦ ᠪᠠᠶᠢᠨ᠎ᠠ᠃ | ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠣᠳᠣᠬᠠᠨ ᠳᠤ ᠪᠦᠭᠦ ᠣᠷᠣᠨ ᠤ ᠠᠮᠤ | ᠪᠤᠳᠠᠭᠠᠨ ᠤ ᠲᠠᠷᠢᠮᠠᠯ ᠳᠠᠷᠢᠭᠰᠠᠨ ᠲᠠᠯᠠᠪᠠᠢ 469.3 ᠲᠦᠮᠡᠨ ᠮᠦ ᠳᠤ ᠬᠦᠷᠴᠦ᠂ ᠬᠢᠮᠢ ᠶᠢᠨ ᠪᠣᠷᠳᠣᠭᠤᠷ᠂ ᠲᠠᠷᠢᠶᠠᠨ | ᠡᠮ᠂ ᠲᠠᠷᠢᠶᠠᠨ ᠦᠷ᠎ᠡ ᠵᠡᠷᠭᠡ ᠭᠤᠣᠯ ᠪᠤᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠨᠲᠡ | ᠪᠣᠳᠠᠲᠠᠶᠢᠵᠢᠭᠤᠯᠪᠠ᠃ ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠤᠯᠬᠤ | ᠲᠷᠠᠺᠲ᠋ᠣᠷ 106 ᠲᠦᠮᠡ ᠶᠢ ᠳᠠᠪᠠᠨ᠂ ᠢᠵᠢ ᠪᠦᠷᠢᠳᠦᠭᠰᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ 143 | ᠲᠦᠮᠡ ︵ᠢᠵᠢ︶ ᠶᠢ ᠳᠠᠪᠠᠵᠤ᠂ ᠮᠡᠷᠭᠡᠵᠢᠯ ᠤᠨ ᠵᠢᠯᠣᠭᠤᠴᠢ ᠪᠠ ᠰᠡᠯᠪᠢᠨ ᠵᠠᠰᠠᠬᠤ ᠠᠵᠢᠯᠴᠢᠨ ᠢ ᠨᠡᠶᠢᠲᠡ 1.9 | ᠲᠦᠮᠡᠨ ᠬᠥᠮᠥᠨ ᠤᠳᠠᠭ᠎ᠠ ᠪᠤᠯᠪᠠᠰᠤᠷᠠᠭᠤᠯᠵᠤ᠂ 159 ᠲᠦᠮᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ | ᠪᠠᠶᠢᠴᠠᠭᠠᠨ ᠰᠡᠯᠪᠢᠨ ᠵᠠᠰᠠᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ | ᠪᠠᠲᠤᠯᠠᠪᠠ᠃ |