ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ 104 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 9᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ 104 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠭ᠎ᠠ ᠪᠠᠶᠢᠩᠭᠤ ᠶᠢᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤ ᠪᠠᠷ ᠢᠶᠠᠨ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠵᠢᠷᠭᠤᠭ᠎ᠠ ᠶᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠤᠯᠠᠮᠵᠢᠯᠠᠯᠲᠤ ᠮᠠᠯ ᠠᠵᠤ ᠠᠬᠤᠶ ᠶᠢᠨ ᠲᠠᠰ ᠳᠡᠪᠰᠢᠬᠦ᠂ ᠣᠨᠴᠠᠯᠢᠭᠲᠤ ᠡᠯᠡᠰᠦᠨ ᠤ ᠠᠵᠤ ᠦᠢᠯᠡᠰ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠷᠢᠮᠵᠢᠶ᠎ᠠ ᠲᠠᠢ ᠬᠠᠷᠢᠴᠠᠭᠤᠯᠵᠤ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ       ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠰᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢ ᠵᠣᠷᠢᠭᠵᠢᠭᠤᠯᠬᠤ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠬᠤ ᠳᠠᠭᠠᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ᠂ ᠡᠷᠳᠡᠮᠲᠡᠨ ᠴᠢᠳᠠᠪᠤᠷᠢᠲᠠᠨ ᠢ ᠰᠢᠯᠢᠨ ᠬᠡᠷᠡᠭᠯᠡᠬᠦ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠦᠨ ᠴᠢᠳᠠᠪᠤᠷᠢᠲᠠᠨ ᠢ ᠴᠤᠭᠯᠠᠭᠤᠯᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠢ ᠰᠠᠶᠢᠲᠤᠷ ᠠᠳᠬᠤᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠴᠠᠭᠠᠷᠠᠬᠤ ᠶᠢ ᠦᠨᠡᠨ ᠬᠦ ᠠᠬᠢᠭᠤᠯᠬᠤ ᠬᠡᠷᠡᠭᠲᠡᠢ᠃ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠭᠤᠤᠯ ᠰᠢᠵᠢᠮ ᠢ ᠳᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂       ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠪᠠ ᠪᠥᠬᠦ ᠠᠶᠢᠮᠠᠭ ᠤᠨ ︽157︾ ᠰᠡᠳᠬᠢᠴᠡ ᠶᠢ ᠠᠬᠢᠭᠤᠯᠬᠤ ᠲᠠᠢ ᠤᠶᠠᠯᠳᠤᠭᠤᠯᠵᠤ᠂ ᠡᠯ᠎ᠡ ᠭᠤᠭᠴᠣᠭᠠᠨ ᠤ ᠡᠭᠦᠷᠭᠡ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠰᠤᠷᠤᠯᠴᠠᠯᠭ᠎ᠠ ᠶᠢᠨ ᠪᠠᠶᠢᠴᠠᠭᠠᠨ ᠰᠠᠶᠢᠵᠢᠷᠠᠭᠤᠯᠤᠯᠲᠠ ᠶᠢ ᠨᠢᠭᠡ ᠴᠣᠭᠴᠠᠵᠢᠭᠤᠯᠣᠨ ᠠᠬᠢᠭᠤᠯᠵᠤ᠂ ᠰᠤᠷᠤᠯᠴᠠᠯᠭ᠎ᠠ ᠨᠢ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ ᠨᠢ ᠡᠷᠴᠢᠮ ᠲᠠᠢ᠂ ᠰᠠᠶᠢᠵᠢᠷᠠᠭᠤᠯᠤᠯᠲᠠ ᠨᠢ ᠥᠷ᠎ᠠ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃    ᠬᠤᠷᠠᠯ ᠳᠤ ᠠᠶᠢᠮᠠᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢ ᠵᠠᠰᠠᠬᠤ ᠵᠥᠪᠯᠡᠯ ᠤᠨ ᠨᠠᠢᠮᠠᠳᠤᠭᠠᠷ ᠤᠳᠠᠭ᠎ᠠ ᠶᠢᠨ ᠬᠤᠷᠠᠯ ᠵᠢᠴᠢ 2024 ᠣᠨ ᠤ ᠲᠤᠰᠬᠠᠢ ᠰᠡᠳᠦᠪᠲᠦ ᠬᠠᠤᠯᠢ ᠶᠢᠨ ᠲᠤᠭᠠᠴᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠤᠶᠢᠯᠡᠳᠦᠯᠭᠡᠵᠢᠬᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠠ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ︾ ᠪᠠ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭ᠊ ᠬᠢᠨ᠂ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ᠶᠡᠷᠦᠩᠬᠡᠶᠢᠯᠡᠨ ᠨᠢᠭᠡ ᠤᠳᠠᠭ᠎ᠠ ᠪᠠᠶᠢᠴᠠᠭᠠᠬᠤ︾ ᠵᠡᠷᠭᠡ ᠬᠠᠤᠯᠢ ᠬᠡᠷᠡᠭᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢᠵᠢᠯ ᠤᠨ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠥᠬᠦ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠭᠤᠤᠯ ᠨᠠᠭᠤᠷ ᠤᠨ ᠳᠠᠷᠤᠭ᠎ᠠ ᠨᠠᠷ ᠡᠷᠬᠡᠪᠰᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠵᠡᠷᠭᠡ ᠲᠦᠷᠢᠮ ᠢ ᠴᠢᠩᠭ᠎ᠠ       ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠠ ᠠᠰᠢᠭ ᠢ ᠨᠡᠮᠡᠭᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠠ ᠠᠰᠢᠭ ᠢ ᠨᠡᠮᠡᠭᠳᠡᠭᠦᠯᠬᠦ᠂ ᠠᠵᠤ ᠤᠶᠢᠯᠡᠳᠪᠤᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠣᠭᠲᠠᠭᠤᠨ ᠢᠶᠠᠷ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ᠂ ᠭᠤᠤᠯ ᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠢ ᠠᠬᠤᠶ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃    ᠬᠤᠷᠠᠯ ᠳᠤ ᠪᠥᠬᠦ ᠬᠤᠰᠢᠭᠤᠨ ᠤ ᠨᠡᠭᠦᠷᠡᠰᠦᠨ ᠠᠭᠤᠷᠬᠠᠶ ᠪᠣᠯᠤᠨ ᠨᠡᠭᠦᠷᠡᠰᠦᠨ ᠤ ᠪᠤᠰᠤ ᠠᠭᠤᠷᠬᠠᠶ ᠶᠢᠨ ᠬᠦᠷᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠᠴᠢᠯᠠᠬᠤ ᠳᠠᠭᠠᠨ᠂ ᠡᠷᠬᠡᠪᠰᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ       ᠲᠤᠭᠤᠰᠢᠯᠠᠭᠤᠯᠵᠤ᠂ ᠠᠵᠤ ᠠᠬᠤᠶ ᠶᠢᠨ ᠬᠥᠭᠵᠢᠯᠲᠡ ᠪᠣᠯᠤᠨ ᠠᠶᠤᠯ ᠥᠬᠡᠶ ᠤᠶᠢᠯᠡᠳᠪᠤᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠠᠶᠤᠯ ᠥᠬᠡᠶ ᠤᠶᠢᠯᠡᠳᠪᠤᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠦᠷ᠎ᠠ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠪᠣᠯᠤᠨ ᠠᠮᠢ ᠠᠬᠤᠶ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠶᠢᠨ ᠳᠠᠭᠠᠣ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠵᠠᠭᠠᠭ ᠳᠠᠪᠠᠵᠤ ᠨᠡᠭᠡᠭᠡᠨ ᠮᠠᠯᠲᠠᠬᠤ᠂ ᠠᠭᠤᠷᠬᠠᠶ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠬᠦ᠂ ᠲᠤᠰᠬᠠᠶ ᠵᠦᠢᠯ ᠢᠶᠠᠷ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠯᠠᠭᠠᠶᠢᠯᠠᠨ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠬᠠᠮᠢᠶ᠎ᠠ ᠪᠥᠬᠦᠶ ᠰᠦᠪᠡᠭᠴᠢ ᠶᠢ ᠲᠤᠰᠬᠠᠵᠤ᠂ ᠣᠯᠠᠨ ᠢᠶᠠᠷ ᠢᠶᠠᠨ ᠰᠡᠷᠭᠡᠶᠢᠯᠡᠬᠦ᠂ ᠣᠯᠠᠨ ᠢᠶᠠᠷ ᠢᠶᠠᠨ ᠬᠠᠮᠢᠶᠠᠷᠬᠤ᠂ ᠣᠯᠠᠨ ᠢᠶᠠᠷ ᠢᠶᠠᠨ ᠵᠠᠰᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃    ᠬᠤᠷᠠᠯ ᠳᠤ ᠪᠠᠰᠠ ᠪᠣᠰᠤᠳ ᠵᠤᠶᠢᠯᠡᠰ ᠢ ᠰᠣᠳᠣᠯᠣᠨ ᠪᠠᠳᠣᠯᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号