ᠳ᠋ᠦᠩᠹᠧᠩ ᠰᠠᠨᠰᠠᠷ ᠤᠨ ᠬᠤᠳᠠ ᠶᠢᠨ ᠤᠯᠠᠭᠠᠨ ᠲᠤᠭ ᠵᠠᠬ᠎ᠠ ᠳᠡᠯᠭᠡᠭᠦᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠴᠣᠭᠴᠠ ᠶᠢᠨ ᠳᠡᠯᠭᠡᠭᠦᠷ ᠤᠨ ᠠᠰᠢᠭ ᠬᠤᠪᠢᠶᠠᠪᠠ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 11᠎ ᠤ ᠡᠳᠦᠷ᠂  ᠳ᠋ᠦᠩᠹᠧᠩ ᠰᠠᠨᠰᠠᠷ ᠤᠨ ᠬᠤᠳᠠ ᠶᠢᠨ ᠤᠯᠠᠭᠠᠨ ᠲᠤᠭ ᠵᠠᠬ᠎ᠠ ᠳᠡᠯᠭᠡᠭᠦᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠴᠣᠭᠴᠠ ᠶᠢᠨ ᠳᠡᠯᠭᠡᠭᠦᠷ ᠤᠨ ᠠᠰᠢᠭ ᠬᠤᠪᠢᠶᠠᠬᠤ ᠶᠡᠭᠡ ᠬᠤᠷᠠᠯ ᠬᠢᠵᠤ᠂ ᠰᠠᠭᠤᠷᠢᠨ ᠭᠠᠵᠠᠷ ᠤᠨ ᠨᠢᠭᠡᠨ ᠲᠣᠭᠤᠷᠢᠭ ᠂ ᠳ᠋ᠦᠩᠹᠧᠩ ᠰᠠᠨᠰᠠᠷ ᠤᠨ ᠬᠤᠳᠠ ᠳᠠᠬᠢ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠯᠠᠱᠠ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠭᠠᠴᠠᠭ᠎ᠠ ᠵᠢᠴᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠰᠠᠨᠰᠠᠷ ᠤᠨ ᠬᠤᠳᠠ ᠶᠢᠨ ᠰᠠᠭᠤᠭᠠᠯᠢ ᠠᠷᠠᠳ ᠲᠠᠢ ᠬᠠᠮᠲᠤ ᠪᠠᠷ ᠵᠠᠬ᠎ᠠ ᠳᠡᠯᠭᠡᠭᠦᠷ ᠨᠡᠭᠡᠭᠡᠭᠳᠡᠭᠰᠡᠨ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠦᠷ᠎ᠡ ᠪᠦᠳᠦᠮᠵᠢ ᠶᠢ ᠡᠷᠭᠢᠴᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠴᠣᠭᠴᠠ ᠶᠢᠨ ᠳᠡᠯᠭᠡᠭᠦᠷ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠭᠡᠷᠡᠴᠢᠯᠡᠪᠡ᠃     ᠠᠰᠢᠭ ᠬᠤᠪᠢᠶᠠᠬᠤ ᠶᠡᠭᠡ ᠬᠤᠷᠠᠯ ᠨᠢ ᠤᠷᠠᠨ ᠰᠠᠶᠢᠬᠠᠨ ᠤ ᠲᠤᠭᠯᠠᠯᠳᠠ ᠶᠢᠨ ᠲᠤᠮᠳᠠ ᠶᠤᠰᠤᠯᠠᠯ ᠢᠶᠠᠨ ᠡᠬᠢᠯᠡᠬᠦᠯᠵᠤ᠂ ᠶᠤᠰᠤᠯᠠᠯ ᠲᠡᠭᠡᠷ᠎ᠡ᠂ ᠵᠢᠷᠭᠤᠭᠠᠨ ᠭᠠᠴᠠᠭᠠᠨ ᠤ ᠬᠠᠷᠢᠭᠤᠴᠠᠯᠭᠠᠳᠠᠨ ᠠᠴᠠ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠠᠴᠠ ᠵᠢᠷᠤᠮᠵᠢᠭᠤᠯᠤᠨ ᠡᠵᠡᠩᠨᠡᠬᠦ ᠬᠦᠷᠲᠡᠯᠡᠬᠢ ᠬᠥᠭᠵᠢᠯᠲᠡ ᠶᠢᠨ ᠵᠠᠮ ᠳᠠᠭᠠᠨ ᠲᠤᠭᠠᠴᠢᠵᠤ᠂ ᠨᠢᠭᠡ ᠵᠢᠯ ᠤᠨ ᠲᠤᠷᠰᠢᠬᠢ ᠲᠡᠮᠡᠴᠡᠯ ᠤᠨ ᠥᠩᠭᠡᠷᠡᠯᠲᠡ ᠪᠠᠨ ᠤᠯᠠᠨ ᠲᠠᠢ ᠪᠠᠨ ᠬᠤᠪᠢᠶᠠᠯᠴᠠᠭᠰᠠᠨ ᠪᠠᠶᠢᠨ᠎ᠠ᠃    ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠵᠢᠴᠢ ᠲᠡᠳᠡᠨ ᠤ ᠭᠡᠷ ᠪᠦᠯᠢ ᠶᠢᠨ ᠎ ᠬᠢᠨ ᠳᠤ ᠦᠢᠯᠡᠴᠢᠯᠡᠭᠡ ᠰᠠᠶᠢᠲᠠᠢ᠂ ᠴᠢᠨᠠᠷ ᠰᠠᠶᠢᠲᠠᠢ᠂ ᠪᠡᠶᠡᠴᠢᠯᠡᠨ ᠣᠶᠢᠯᠠᠭᠠᠬᠤ ᠰᠠᠶᠢᠨ ᠬᠡᠷᠡᠭᠯᠡᠭᠡᠨ ᠤ ᠬᠠᠷᠠᠯᠲᠠ ᠶᠢᠨ ᠣᠷᠣᠨ ᠢ ᠪᠠᠶᠢᠭᠤᠯᠬᠤ ᠶᠢᠨ ᠲᠤᠰᠠᠳᠠ᠂ ᠤᠯᠠᠭᠠᠨ ᠲᠤᠭ ᠵᠠᠬ᠎ᠠ ᠳᠡᠯᠭᠡᠭᠦᠷ ᠨᠢ ︽ᠠᠯᠠᠱᠠ ᠶᠢᠨ ᠪᠡᠯᠡᠭ︾  ᠣᠨᠴᠠ ᠰᠢᠯᠢᠳᠡᠭ ᠪᠦᠲᠦᠭᠡᠭᠳᠡᠬᠦᠨ ᠤ ᠳᠡᠯᠭᠡᠭᠦᠷ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠡᠳᠦ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂  ᠬᠦᠢᠳᠡᠨ ᠤᠮᠳᠠᠭᠠᠨ ᠤ ᠳᠡᠯᠭᠡᠭᠦᠷ ᠵᠡᠷᠭᠡ ᠬᠥᠮᠥᠰ ᠤᠨ ᠠᠩᠬᠠᠷᠤᠯ ᠢ  ᠶᠡᠬᠡᠳᠡ ᠲᠠᠳᠠᠭᠰᠠᠨ ᠲᠡᠯᠭᠡᠭᠦᠷ ᠢ ᠨᠡᠭᠡᠭᠡᠵᠡᠢ᠃     ᠤᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠥᠪᠯᠡᠷᠡᠭᠦᠯᠦᠨ ᠬᠥᠭᠵᠢᠭᠡᠭᠰᠡᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠨᠢ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠭᠡᠷ ᠪᠦᠯᠢ ᠳᠤ ᠰᠢᠯᠢᠳᠡᠭ ᠠᠵᠢᠯ ᠤᠨ ᠪᠠᠶᠢᠷᠢ ᠡᠭᠦᠳᠴᠦ ᠥᠭᠴᠡᠢ᠃ ᠣᠲᠣ ᠪᠣᠯᠲᠠᠯ᠎ᠠ᠂ ᠲᠣᠰ ᠵᠠᠬ᠎ᠠ ᠳᠡᠯᠭᠡᠭᠦᠷ ᠲᠤ ᠨᠢᠭᠡᠨᠲᠡ 30 ᠨᠡᠷᠡᠰ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠭᠡᠷ ᠪᠦᠯᠢ ᠶᠢᠨ ᠎ ᠬᠢᠨ ᠢ ᠡᠯᠰᠡᠨ ᠠᠵᠢᠯ ᠣᠯᠭᠤᠵᠤ ᠦᠢᠯᠡᠰ ᠴᠣᠭᠴᠠᠯᠠᠭᠤᠯᠤᠭᠰᠠᠨ ᠪᠠᠶᠢᠨ᠎ᠠ᠂ ᠤᠯᠠᠭᠠᠨ ᠲᠤᠭ ᠵᠠᠬ᠎ᠠ ᠳᠡᠯᠭᠡᠭᠦᠷ ᠤᠨ ᠠᠯᠠᠱᠠ ᠶᠢᠨ ᠪᠡᠯᠡᠭ ᠤᠨ ᠳᠡᠯᠭᠡᠭᠦᠷ ᠤᠨ ᠠᠵᠢᠯᠲᠠᠨ ᠶᠠᠩ ᠶᠠ ᠯᠢ ᠪᠣᠯ ᠲᠡᠳᠡᠨ ᠤ ᠳᠣᠲᠣᠷᠠᠬᠢ ᠨᠢᠭᠡ ᠨᠢ ᠪᠠᠶᠢᠵᠤ᠂  ᠣᠳᠣᠬᠠᠨ ᠤ ᠠᠵᠢᠯ ᠤᠨ ᠣᠷᠴᠢᠨ ᠨᠥᠬᠦᠴᠡᠯ ᠪᠠ ᠬᠥᠭᠵᠢᠯᠲᠡ ᠶᠢᠨ ᠢᠷᠡᠭᠡᠳᠦᠢ ᠳᠤ ᠲᠡᠷᠡ ᠮᠠᠨᠢ ᠢᠲᠡᠭᠡᠯ ᠳᠦᠭᠦᠷᠡᠩ ᠪᠠᠶᠢᠨ᠎ᠠ᠃     ᠤᠯᠠᠭᠠᠨ ᠲᠤᠭ ᠵᠠᠬ᠎ᠠ ᠳᠡᠯᠭᠡᠭᠦᠷ ᠤᠨ ᠠᠮᠵᠢᠯᠲᠠ ᠲᠠᠢ ᠡᠵᠡᠩᠨᠡᠯᠲᠡ ᠨᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠤᠶᠠᠷ ᠶᠡᠭᠡ ᠰᠠᠭᠤᠷᠢᠨ ᠭᠠᠵᠠᠷ ᠤᠨ ᠦᠢᠯᠡᠴᠢᠯᠡᠭᠡᠨ ᠤ ᠪᠠᠲᠤᠯᠠᠭ᠎ᠠ ᠪᠣᠯᠣᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠯ ᠰᠠᠴᠤᠷᠠᠩᠭᠤᠢ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠵᠠᠬ᠎ᠠ ᠳᠡᠯᠭᠡᠭᠦᠷ ᠨᠢ ᠡᠵᠡᠩᠨᠡᠯᠳᠡ ᠶᠢᠨ ᠲᠠᠯ᠎ᠠ ᠪᠠᠷ ᠦᠷᠭᠦᠯᠵᠢᠯᠡᠨ  ᠰᠢᠯᠢᠳᠡᠭᠵᠢᠬᠦᠯᠵᠤ᠂ ᠣᠯᠠᠨ ᠡᠰᠢᠲᠦ ᠬᠡᠯᠪᠡᠷᠢ ᠪᠠᠷ ᠣᠯᠠᠨ ᠲᠦᠮᠡᠨ ᠳᠤ ᠰᠠᠶᠢᠳᠤᠷ ᠦᠢᠯᠡᠴᠢᠯᠡᠭᠡ ᠬᠠᠩᠭᠠᠨ᠂ ᠵᠢᠩ ᠳ᠋ᠦᠩ ᠬᠡᠲᠦ ᠳᠡᠯᠭᠡᠭᠦᠷ ᠵᠡᠷᠭᠡ ᠳᠡᠯᠭᠡᠭᠦᠷ ᠨᠢ ᠨᠡᠶᠢᠲᠡ 70 ᠲᠦᠮᠡᠨ ᠲᠥᠭᠦᠷᠢᠭ ᠤᠨ ᠠᠰᠢᠭ ᠬᠦᠷᠲᠡᠭᠰᠡᠨ ᠪᠠᠶᠢᠨ᠎ᠠ᠃ ᠵᠠᠬ᠎ᠠ ᠳᠡᠯᠭᠡᠭᠦᠷ ᠤᠨ ᠳᠣᠲᠣᠷᠠᠬᠢ ᠡᠵᠡᠩᠨᠡᠯᠲᠡ ᠶᠢᠨ ᠪᠡᠶᠡᠴᠢ ᠴᠣᠭᠴᠠ ᠨᠢ ᠡᠯᠪᠡᠭ ᠲᠠᠸᠠᠷ ᠢᠶᠠᠷ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠲᠠᠶᠢᠴᠢᠯᠠᠵᠦ ᠪᠠᠶᠢᠨ᠎ᠠ᠃ ᠲᠣᠰ ᠤᠳᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠴᠣᠭᠴᠠ ᠶᠢᠨ ᠳᠡᠯᠭᠡᠭᠦᠷ ᠤᠨ ᠠᠰᠢᠭ ᠬᠤᠪᠢᠶᠠᠷᠢᠯᠠᠯᠳᠠ ᠨᠢ ᠡᠯ᠎ᠡ ᠬᠠᠷᠢᠶ᠎ᠠ ᠭᠠᠴᠠᠭ᠎ᠠ ᠳᠤ ᠨᠡᠶᠢᠲᠡ 20 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠭᠤᠵᠤ᠂ ᠮᠥᠨ ᠴᠦ ᠭᠠᠴᠠᠭᠠᠨ ᠤ ᠬᠥᠭᠵᠢᠯᠲᠡ ᠳᠤ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠤᠯᠭᠤᠨ᠂ ᠨᠢᠭᠡᠨ ᠦᠷᠭᠦᠯᠵᠢᠬᠦᠶᠢᠴᠡ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃     ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠠᠯᠠᠱᠠ ᠶᠢᠨ ᠣᠨᠴᠠᠯᠢᠭᠲᠤ ᠠᠵᠤ ᠦᠢᠯᠡᠰ ᠤᠨ ᠳᠡᠯᠭᠡᠨ ᠪᠣᠷᠣᠯᠠᠭᠤᠯᠬᠤ ᠲᠣᠭᠤᠷᠢᠭ ᠲᠤᠬᠢᠷᠠᠭᠤᠯᠵᠤ᠂ ᠦᠵᠡᠭᠦᠯᠦᠯᠭᠡ ᠶᠢᠨ ᠲᠠᠶᠢᠰᠠᠨ ᠳᠡᠭᠡᠷ᠎ᠡ ᠲᠡᠮᠡᠭᠡᠨ ᠨᠣᠣᠰᠣᠨ ᠪᠦᠲᠦᠭᠡᠭᠳᠡᠬᠦᠨ᠂ ᠢᠩᠭᠡᠨ ᠰᠠᠭᠠᠯᠢ ᠶᠢᠨ ᠢᠳᠡᠭᠡᠨ᠂ ᠤᠯᠠᠭᠠᠨ ᠭᠤᠶᠤᠣ ᠶᠢᠨ ᠺᠣᠹᠢ ᠵᠡᠷᠭᠡ ᠣᠨᠴᠠᠯᠢᠭᠲᠤ ᠲᠠᠸᠠᠷ ᠢᠶᠠᠷ ᠳᠦᠭᠦᠷᠴᠦ᠂ ᠴᠥᠭᠡᠨ ᠪᠤᠰᠤ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号