5 ᠰᠠᠷ᠎ᠠ ᠶᠢᠨ 9 ᠤ ᠡᠳᠦᠷ᠂ ᠡᠵᠡᠨ᠎ᠡ ᠬᠤᠰᠢᠭᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ | ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠠ 12345 ᠬᠠᠯᠠᠮᠰᠢᠯ ᠤᠲᠠᠰᠤᠨ ᠤ | ᠳᠠᠭᠠᠭᠠᠨ ᠬᠦᠢᠴᠡᠳᠭᠡᠬᠦ ᠲᠥᠪ ᠲᠤ ᠤᠷᠤᠭᠤᠯᠤᠨ ᠠᠵᠢᠯᠯᠠᠭᠤᠯᠵᠤ᠂ ᠲᠥᠯᠥᠭᠡᠯᠡᠭᠴᠢᠳ᠂ ᠭᠡᠰᠢᠭᠦᠳ ᠲᠤ ᠡᠯ᠎ᠡ | ᠰᠠᠯᠠᠭ᠎ᠠ ᠮᠥᠴᠢᠷ ᠨᠢᠭᠡᠴᠡ ᠶᠢᠨ ᠠᠵᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ 12345 ᠬᠠᠯᠠᠮᠰᠢᠯ | ᠤᠲᠠᠰᠤᠨ ᠤ ᠲᠤᠬᠠᠶᠢᠯᠠᠭᠰᠠᠨ ᠠᠵᠢᠯ ᠤᠨ ᠴᠤᠪᠤᠷᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ | ᠪᠠ ᠲᠤᠬᠠᠶᠢᠯᠠᠭᠰᠠᠨ ᠠᠵᠢᠯ ᠤᠨ ᠬᠦᠷᠢᠶᠡᠨ ᠤ ᠮᠡᠳᠡᠯᠭᠡ ᠶᠢ ᠣᠶᠢᠯᠠᠭᠠᠭᠤᠯᠤᠨ ᠡᠵᠡᠮᠰᠢᠭᠦᠯᠵᠦ᠂ ᠲᠥᠯᠥᠭᠡᠯᠡᠭᠴᠢ᠂ | ᠭᠡᠰᠢᠭᠦᠳ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ 12345 ᠬᠠᠯᠠᠮᠰᠢᠯ ᠤᠲᠠᠰᠤᠨ ᠤ ᠡᠭᠦᠷᠭᠡ ᠲᠤᠰᠢᠶᠠᠯ ᠢᠶᠠᠨ | ᠬᠦᠢᠴᠡᠳᠭᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ | ᠲᠤᠰᠢᠶᠠᠯ ᠢᠶᠠᠨ ᠬᠦᠢᠴᠡᠳᠭᠡᠬᠦ ᠪᠠᠶᠢᠩᠭᠤᠵᠢᠭᠰᠠᠨ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ | ᠠᠵᠢᠯᠲᠠᠨ ᠤ ᠵᠢᠯᠣᠭᠤᠳᠣᠯᠭ᠎ᠠ ᠪᠠ ᠲᠠᠨᠢᠯᠴᠠᠭᠤᠯᠭ᠎ᠠ ᠳᠤᠤᠷ᠎ᠠ᠂ ᠡᠯ᠎ᠡ ᠦᠢᠯᠡᠴᠢᠯᠡᠭᠡᠨ ᠤ ᠴᠣᠩᠬᠤᠪᠴᠢ ᠨᠢᠭᠡᠴᠡ ᠶᠢᠨ | ᠲᠤᠬᠠᠶᠢᠯᠠᠭᠰᠠᠨ ᠠᠵᠢᠯ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠤᠶᠢᠯᠠᠭᠠᠬᠤ ᠶᠢᠨ ᠳᠠᠭᠠᠣ ᠡᠵᠡᠨ᠎ᠡ | ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢ ᠳᠠᠭᠠᠭᠠᠨ ᠡᠷᠭᠢᠯᠡᠬᠦ ᠲᠥᠪ ᠲᠤ ᠬᠦᠷᠴᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | 12345 ᠬᠠᠯᠠᠮᠰᠢᠯ ᠤᠲᠠᠰᠤ ᠶᠢᠨ ᠲᠤᠰᠢᠶᠠᠯ ᠢᠶᠠᠨ ᠬᠦᠢᠴᠡᠳᠭᠡᠬᠦ ᠪᠣᠯᠪᠠᠰᠤᠷᠠᠯ ᠳᠤ ᠣᠷᠣᠯᠴᠠᠨ᠂ 12345 | ᠬᠠᠯᠠᠮᠰᠢᠯ ᠤᠲᠠᠰᠤ ᠶᠢᠨ ᠠᠵᠢᠯᠯᠠᠭᠠᠨ ᠤ ᠶᠠᠪᠤᠴᠠ ᠪᠠ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢᠨ ᠠᠵᠢᠯ ᠤᠨ | ᠬᠠᠭᠤᠳᠠᠰᠤ ᠶᠢ ᠭᠦᠢᠴᠡᠳᠭᠡᠭᠰᠡᠨ ᠪᠠᠶᠢᠳᠠᠯ ᠢ ᠨᠠᠷᠢᠨ ᠣᠶᠢᠯᠠᠭᠠᠪᠠ᠃ | ᠬᠤᠶᠢᠰᠢᠳᠠ᠂ ᠲᠥᠯᠥᠭᠡᠯᠡᠭᠴᠢ ᠭᠡᠰᠢᠭᠦᠳ 12345 ᠬᠠᠯᠠᠮᠰᠢᠯ ᠤᠲᠠᠰᠤ ᠪᠠᠷ ᠳᠠᠮᠵᠢᠭᠤᠯᠤᠨ ᠡᠭᠦᠷᠭᠡ | ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠵᠦ᠂ ᠬᠢᠨᠠᠯᠲᠠ ᠲᠠᠯᠪᠢᠬᠤ ᠪᠠ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠪᠠᠳᠠᠷᠠᠭᠤᠯᠤᠨ᠂ ᠣᠯᠠᠨ ᠲᠦᠮᠡᠨ ᠪᠠ ᠠᠵᠤ ᠠᠬᠤᠶᠢᠯᠠᠯ ᠤᠨ ᠲᠤᠰᠬᠠᠭᠰᠠᠨ ᠭᠤᠤᠯᠳᠠᠯᠭ᠎ᠠ ᠲᠠᠢ᠂ | ᠬᠦᠴᠢᠷ ᠠᠰᠠᠭᠤᠳᠠᠯ ᠤᠨ ᠲᠣᠭᠤᠷᠢᠨ ᠳᠤ᠂ 12345 ᠬᠠᠯᠠᠮᠰᠢᠯ ᠤᠲᠠᠰᠤ ᠶᠢᠨ ᠠᠵᠢᠯ ᠢ ᠰᠢᠢᠳᠪᠦᠷᠢᠯᠡᠬᠦ | ᠶᠠᠪᠤᠴᠠ ᠳᠤ ᠢᠳᠡᠪᠬᠢᠲᠡᠶ ᠣᠷᠣᠯᠴᠠᠵᠤ᠂ ᠬᠠᠯᠠᠮᠰᠢᠯ ᠤᠲᠠᠰᠤ ᠶᠢ ᠭᠥᠯᠢᠶᠡᠨ ᠠᠪᠴᠤ ᠰᠣᠨᠣᠰᠬᠤ᠂ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ ᠵᠡᠷᠭᠡ ᠡᠯ᠎ᠡ ᠭᠤᠭᠴᠣᠭᠠᠨ ᠳᠤ ᠬᠢᠨᠠᠯᠲᠠ ᠲᠠᠯᠪᠢᠵᠤ᠂ ᠠᠷᠠᠳ ᠤᠨ ᠰᠠᠨᠠᠭ᠎ᠠ ᠶᠢ | ᠢᠯᠡᠬᠦᠭᠡᠨ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ | ᠬᠦᠢᠴᠡᠳᠬᠡᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠲᠠᠢ ᠬᠦᠰᠡᠵᠦ ᠪᠠᠶᠢᠭ᠎ᠠ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠤᠨ᠂ 12345 ᠬᠠᠯᠠᠮᠰᠢᠯ ᠤᠲᠠᠰᠤ ᠶᠢᠨ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠥᠯᠥᠭᠡᠯᠡᠭᠴᠢ ᠭᠡᠰᠢᠭᠦᠳ ᠤᠨ | ᠬᠦᠴᠦᠨ ᠴᠢᠳᠠᠯ ᠢᠶᠠᠨ ᠡᠷᠬᠦᠬᠦ ᠪᠣᠯᠣᠨ᠎ᠠ᠃ | ᠡᠵᠡᠨ᠎ᠡ ᠬᠤᠰᠢᠭᠤ ᠪᠠᠰᠠ ᠲᠥᠯᠥᠭᠡᠯᠡᠭᠴᠢ ᠭᠡᠰᠢᠭᠦᠳ ᠤᠨ 12345 ᠬᠠᠯᠠᠮᠰᠢᠯ ᠤᠲᠠᠰᠤ ᠶᠢᠨ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠣᠷᠣᠯᠴᠠᠭᠰᠠᠨ ᠪᠠᠶᠢᠳᠠᠯ ᠢ ᠲᠣᠰ ᠨᠠᠮ ᠤᠨ | ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠲᠠᠩᠰᠠ ᠡᠪᠬᠡᠮᠡᠯ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠢ | ᠦᠨᠡᠯᠡᠬᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠢ | ᠬᠡᠮᠵᠢᠶᠡᠵᠢᠭᠦᠯᠦᠨ ᠬᠢᠨᠠᠨ ᠰᠢᠯᠭᠠᠬᠤ ᠳᠤ ᠣᠷᠣᠭᠤᠯᠵᠤ᠂ ᠲᠥᠯᠥᠭᠡᠯᠡᠭᠴᠢ᠂ ᠭᠡᠰᠢᠭᠦᠳ ᠤᠨ 12345 ᠬᠠᠯᠠᠮᠰᠢᠯ | ᠤᠲᠠᠰᠤ ᠶᠢᠨ ᠲᠠᠪᠴᠠᠩ ᠳᠤ ᠲᠦᠰᠢᠭᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠢ ᠴᠢᠭᠯᠡᠯᠲᠦ | ᠴᠢᠨᠠᠷᠲᠠᠶ ᠪᠠᠷ ᠥᠷᠨᠢᠭᠦᠯᠬᠦ ᠶᠢ ᠬᠥᠲᠥᠯᠦᠨ ᠵᠢᠯᠣᠭᠤᠳᠴᠤ᠂ ︽ᠤᠴᠢᠷ ᠪᠠᠶᠢᠪᠠᠯ ᠲᠥᠯᠥᠭᠡᠯᠡᠭᠴᠢ ᠭᠡᠰᠢᠭᠦᠨ ᠢ | ᠡᠷᠢᠬᠦ︾ ᠶᠢ ᠬᠡᠪ ᠤᠨ ᠪᠠᠶᠢᠳᠠᠯ ᠪᠣᠯᠭᠠᠬᠤ ᠶᠢ ᠠᠬᠢᠭᠤᠯᠤᠨ᠎ᠠ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠯᠧ᠄ | ︽ᠡᠶᠢᠮᠦᠷᠬᠦ ᠬᠡᠯᠪᠡᠷᠢ ᠪᠠᠷ ᠳᠠᠮᠵᠢᠭᠤᠯᠤᠨ᠂ ᠲᠥᠯᠥᠭᠡᠯᠡᠭᠴᠢ᠂ ᠭᠡᠰᠢᠭᠦᠨ ᠬᠢᠭᠡᠳ ᠠᠵᠤ ᠠᠬᠤᠶᠢᠯᠠᠯ᠂ ᠣᠯᠠᠨ | ᠲᠦᠮᠡᠨ ᠤ ᠬᠠᠷᠢᠯᠴᠠᠨ ᠰᠣᠯᠢᠯᠴᠠᠬᠤ ᠰᠢᠨ᠎ᠡ ᠵᠠᠭᠪᠤᠷ ᠢ ᠨᠡᠭᠡᠭᠡᠵᠦ᠂ ᠲᠥᠯᠥᠭᠡᠯᠡᠭᠴᠢ᠂ ᠭᠡᠰᠢᠭᠦᠨ ᠤ ᠡᠭᠦᠷᠭᠡ | ᠲᠤᠰᠢᠶᠠᠯ ᠢᠶᠠᠨ ᠪᠠᠶᠢᠩᠭᠤ ᠭᠦᠢᠴᠡᠳᠬᠡᠬᠦ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠪᠣᠶ ᠪᠣᠯᠭᠠᠵᠤ᠂ ᠠᠷᠠᠳ ᠤᠨ | ᠰᠠᠨᠠᠭ᠎ᠠ ᠶᠢ ᠳᠠᠮᠵᠢᠭᠤᠯᠬᠤ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠨᠠᠯᠲᠠ ᠲᠠᠯᠪᠢᠬᠤ ᠬᠤᠤᠰ ᠵᠠᠮ ᠢᠶᠠᠷ | ᠤᠷᠤᠭᠰᠢᠯᠠᠬᠤ ᠶᠢ ᠪᠡᠶᠡᠯᠡᠭᠦᠯᠦᠨ᠎ᠡ︾ ᠭᠡᠪᠡ᠃ |