ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ | ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ | ᠳᠤᠮᠳᠠᠳᠤ ᠤᠯᠤᠰ ᠤᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ | ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠨᠡᠶᠢᠲᠡᠯᠡᠪᠡ᠃ | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ | ᠶᠠᠷᠢᠶ᠎ᠠ ᠲᠠᠯᠪᠢᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ︶ | ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠤᠯᠤᠰ ᠤᠨ ᠬᠤᠷᠠᠯ ᠤᠨ | ᠲᠥᠪ ᠲᠤ ᠳᠤᠮᠳᠠᠳᠤ ᠤᠯᠤᠰ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ | ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ ᠠᠶ᠎ᠠ ᠪᠠᠷ | ᠨᠠᠮᠢᠷᠠᠨ᠎ᠠ᠃ | ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋᠂ ᠪᠷᠠᠽᠢᠯ ᠤᠨ ᠶᠡᠷᠦᠩᠬᠡᠶᠢᠯᠡᠭᠴᠢ | ᠯᠦᠯᠠ᠂ ᠴᠢᠯᠢ ᠶᠢᠨ ᠶᠡᠷᠦᠩᠬᠡᠶᠢᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠵᠢᠴᠢ | ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ | ᠭᠠᠷ ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢ ᠶᠢᠨ ᠫᠢᠩ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ | ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ | ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ | ᠪᠤᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ | ᠪᠣᠯᠵᠤ ᠪᠤᠶᠢᠵᠢᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ | ᠳᠡᠮᠵᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ | ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠲᠤᠮᠳᠠᠳᠤ ᠶᠢᠨ ᠲᠠᠯ᠎ᠠ ᠶᠢᠨ ᠬᠢᠨ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ | ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠪᠡ︔ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ | ᠬᠤᠰᠢᠭᠤᠷᠠᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ | ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠵᠤ᠂ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ︔ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠳᠠᠯᠠᠢ ᠶᠢᠨ ᠰᠢᠭᠤᠷᠭ᠎ᠠ᠂ | ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠭᠠᠷ ᠬᠤᠯᠪᠣᠨ | ᠠᠷᠭᠠᠴᠠᠭᠠᠪᠠ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠦᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ | ᠠᠷᠠᠳᠴᠢᠯᠠᠯ ᠢ ᠠᠬᠢᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ | ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ | ᠪᠣᠳᠠᠲᠤ ᠶᠠᠪᠤᠳᠠᠯ ᠭᠡᠷᠡᠴᠢᠯᠡᠪᠡ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ | ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ | ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ | ᠭᠡᠵᠦ ᠵᠢᠭᠠᠵᠤ ᠭᠠᠷᠭᠠᠪᠠ᠃ | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ | ᠶᠠᠷᠢᠶ᠎ᠠ ᠲᠠᠯᠪᠢᠪᠠ᠃ ᠵᠢᠷᠤᠭ ᠪᠣᠯ ᠰᠢ ᠶᠢᠨ ᠫᠢᠩ ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ | ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ | ᠰᠡᠭᠦᠳᠡᠷᠯᠡᠪᠡ︶ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ | ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ | ᠳᠠᠶᠢᠨ᠂ ᠠᠷᠠᠯᠵᠢᠶᠠᠨ ᠤ ᠳᠠᠶᠢᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ | ᠭᠠᠭᠴᠠᠭᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ | ᠲᠥᠷᠥᠯᠬᠢ ᠡᠷᠬᠡ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ | ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ | ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠤᠨ᠎ᠠ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ | ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ | ᠴᠤᠤᠷᠢᠶᠠᠲᠤᠭᠤᠯᠤᠨ᠎ᠠ᠃ ᠢᠷᠡᠬᠦ 3 ᠵᠢᠯ ᠳᠤ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ | ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ | ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ | ᠨᠡᠪᠲᠡᠷᠡᠬᠦ ᠶᠢ ᠬᠠᠮᠠᠭᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ | ᠬᠠᠮᠠᠭᠠᠯᠠᠨ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠤᠨ᠎ᠠ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ | ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ | ᠭᠤᠷᠪᠠ ᠪᠣᠯ ᠪᠣᠯᠪᠠᠰᠤᠨ ᠤ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ | ᠪᠣᠯᠪᠠᠰᠤᠨ ᠤ ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ | ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ | ᠪᠠᠳᠠᠷᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ | ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ | ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ | ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 | ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ ᠲᠤ | ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ | ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ ᠬᠡᠯᠡᠨ ᠤ ᠬᠥᠭᠦᠷᠭᠡ︾ | ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ | 300 ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ | ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ | ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ | ᠥᠷᠭᠡᠳᠬᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ | ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ | ᠪᠣᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ | ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ᠃ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ | ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ | ᠶᠡᠷᠦᠩᠬᠡᠶᠢᠯᠡᠭᠴᠢ ᠪᠦᠸᠧᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ᠂ ᠪᠷᠠᠽᠢᠯ ᠤᠨ | ᠤᠤᠯ ᠤᠨ ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ | ᠲᠡᠷᠢᠭᠦᠯᠡᠭᠴᠢ ᠤᠯᠤᠰ ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ | ᠶᠡᠷᠦᠩᠬᠡᠶᠢᠯᠡᠭᠴᠢ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ | ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ ᠰᠠᠶᠢᠰᠢᠶᠠᠪᠠ᠃ | ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ ᠢᠯᠡᠷᠬᠡᠶᠢᠯᠡᠪᠡ᠃ | ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ | ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ | ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — | ᠳᠤᠮᠳᠠᠳᠤ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ | ᠠᠬᠢᠴᠠ ᠲᠠᠢ ᠪᠤᠯᠬᠤ ᠶᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ | ᠤᠯᠤᠰ ᠤᠨ ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ | ᠬᠦᠨᠳᠦᠳᠬᠡᠬᠦ ᠶᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ | ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ ᠡᠷᠡᠰ ᠳᠡᠮᠵᠢᠨ᠎ᠠ︔ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ | ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ | ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠢᠨ᠎ᠡ ᠡᠨᠧᠷᠭᠢ᠂ | ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠡᠶᠡᠯᠡᠭᠦᠯᠦᠨ᠎ᠠ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ᠂ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ | ᠬᠠᠷᠢᠯᠴᠠᠨ ᠳᠣᠲᠣᠨᠣ ᠪᠠᠶᠢᠬᠤ ᠶᠢ ᠠᠭᠢᠭᠤᠯᠤᠨ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ | ᠰᠦᠷ ᠢ ᠡᠷᠡᠰ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ | ᠬᠠᠮᠠᠭᠠᠯᠠᠵᠤ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠶᠢ ᠳᠡᠮᠵᠢᠵᠦ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠢᠯᠡᠳᠬᠡᠵᠡᠭᠡᠪᠡ᠃ | ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ | ᠳᠠᠷᠤᠭ᠎ᠠ ᠶᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ |