ᠡᠵᠡᠨ᠎ᠡ ᠪᠤᠭᠤᠮᠲᠠ 462.8 ᠺᠢᠯᠣᠭ᠍ᠷᠠᠮ ᠤᠨ  ︽ᠬᠠᠷᠢ ᠶᠢᠨ ᠬᠤᠭ ᠨᠣᠪᠰᠢ︾᠎ ᠶᠢ ᠪᠠᠶᠢᠴᠠᠭᠠᠨ ᠭᠠᠷᠭᠠᠪᠠ
ᠨᠡᠶᠢᠲᠡᠯᠡᠭᠰᠡᠨ ᠴᠠᠭ᠄
2025/5/14
    ᠣᠶᠢᠷ᠎ᠠ ᠳᠤ᠂ ᠴᠡᠭᠡ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠬᠢᠯᠢ ᠪᠠᠷ ᠣᠷᠣᠵᠤ ᠢᠷᠡᠬᠦ ᠴᠢᠩᠭᠡᠯᠢᠭ ᠤᠨ ᠲᠡᠷᠭᠡᠨ ᠳᠤ ᠮᠠᠰᠢᠨ ᠤ ᠪᠠᠶᠢᠴᠠᠭᠠᠯᠲᠠ ᠬᠢᠬᠦ ᠦᠶ᠎ᠡ ᠳᠤ 1 ᠲᠡᠷᠭᠡ ᠮᠠᠰᠢᠨ ᠤ ᠪᠠᠶᠢᠴᠠᠭᠠᠯᠲᠠ ᠶᠢᠨ ᠵᠢᠷᠤᠭ ᠳᠦᠷᠰᠦ ᠶᠢᠨ ᠬᠡᠪ ᠤᠨ ᠪᠤᠰᠤ ᠪᠠᠶᠢᠳᠠᠯ ᠢ ᠣᠯᠵᠤ ᠮᠡᠳᠡᠪᠡ᠃ ᠲᠤᠬᠠᠶ ᠶᠢᠨ ᠲᠠᠯᠠᠪᠤᠷ ᠤᠨ ᠬᠥᠮᠦᠨ ᠤ ᠬᠦᠴᠦᠨ ᠤ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠮᠣᠩᠭᠤᠯ ᠨᠤᠲᠤᠭ ᠲᠠᠢ ᠵᠢᠯᠣᠭᠤᠴᠢ ᠲᠣᠭᠲᠠᠭᠠᠯ ᠠᠴᠠ ᠵᠥᠷᠢᠴᠡᠨ ᠬᠠᠶᠠᠭᠳᠠᠮᠠᠯ ᠬᠠᠭᠤᠴᠢᠨ ᠲᠡᠷᠭᠡᠨ ᠬᠦᠷᠳᠦ ᠶᠢ ᠬᠢᠯᠢ ᠪᠠᠷ ᠠᠪᠴᠤ  ᠣᠷᠣᠭᠤᠯᠣᠨ᠂ ᠶᠡᠷᠦᠩᠬᠡᠶ ᠬᠦᠨᠳᠦ ᠨᠢ 462.8 ᠺᠢᠯᠦᠭᠷᠡᠮ ᠳᠤ ᠬᠦᠷᠴᠡᠶ᠃ ᠣᠳᠣᠬᠠᠨ ᠳᠤ ᠨᠢᠭᠡᠨᠲᠡ ᠲᠣᠭᠲᠠᠭᠠᠯ ᠶᠣᠰᠣᠭᠠᠷ ᠳᠡᠭᠡᠷ᠎ᠡ ᠳᠤᠷᠠᠳᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠴᠠᠭᠠᠨ ᠰᠢᠢᠳᠪᠦᠷᠢᠯᠡᠵᠦ ᠪᠠᠶᠢᠨ᠎ᠠ᠃    ︽ᠬᠠᠲᠠᠭᠤ ᠪᠡᠶᠡᠳᠦ ᠬᠠᠶᠠᠭᠳᠠᠮᠠᠯ ᠡᠳ᠋ ᠤᠨ ᠵᠢᠭᠰᠠᠭᠠᠯ︾᠎ ᠢ ᠦᠨᠳᠦᠰᠦᠯᠡᠪᠡᠯ᠂ ᠡᠳᠡᠭᠡᠷ ᠬᠠᠶᠠᠭᠳᠠᠮᠠᠯ ᠬᠠᠭᠤᠴᠢᠨ ᠬᠦᠷᠳᠦ ᠨᠢ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠬᠤ ᠶᠢ ᠴᠠᠭᠠᠵᠠᠯᠠᠭᠰᠠᠨ ᠬᠠᠲᠠᠭᠤ ᠪᠡᠶᠡᠳᠦ ᠬᠠᠶᠠᠭᠳᠠᠮᠠᠯ ᠡᠳ᠋ ᠤᠨ ᠲᠦᠷᠦᠯ ᠳᠤ ᠬᠠᠷᠢᠶᠠᠯᠠᠭᠳᠠᠨ᠎ᠠ᠃ ᠬᠠᠶᠠᠭᠳᠠᠮᠠᠯ ᠬᠠᠭᠤᠴᠢᠨ ᠬᠦᠷᠳᠦ ᠨᠢ ︽ᠬᠠᠷ᠎ᠠ       ᠪᠣᠬᠢᠷᠲᠤᠯ︾ ᠭᠡᠬᠦ ᠨᠡᠷᠡᠢᠳᠦᠯ ᠲᠠᠢ᠃ ᠡᠭᠡᠭᠦᠯᠦᠨ ᠬᠤᠷᠢᠶᠠᠨ ᠰᠢᠢᠳᠪᠦᠷᠢᠯᠡᠬᠦ ᠶᠠᠪᠤᠴᠠ ᠳᠤ ᠶᠡᠭᠡ ᠬᠡᠮᠵᠢᠶᠡᠨ ᠤ ᠬᠤᠤᠷ ᠬᠥᠨᠥᠭᠡᠯ ᠲᠠᠢ ᠪᠣᠳᠠᠰ ᠡᠭᠦᠰᠭᠡᠳᠡᠭ ᠨᠢ ᠣᠷᠴᠢᠨ ᠲᠣᠭᠤᠷᠢᠨ ᠤ ᠪᠣᠬᠢᠷᠲᠤᠯ ᠢ ᠪᠣᠢ ᠪᠣᠯᠭᠠᠳᠠᠭ ᠪᠠᠶᠢᠨ᠎ᠠ᠃   
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号