ᠡᠵᠡᠨ᠎ᠡ ᠬᠤᠰᠢᠭᠤ ︽︿ᠪᠢᠴᠢᠭ﹀᠎ ᠢᠶᠠᠷ ᠠᠮᠢᠳᠤᠷᠠᠯ ᠢᠶᠠᠨ ᠭᠡᠷᠡᠯᠲᠦᠭᠦᠯᠵᠦ᠂ ᠰᠠᠶᠢᠨ ᠰᠠᠶᠢᠬᠠᠨ ᠢ ᠰᠠᠬᠢᠨ ᠬᠠᠮᠠᠭᠠᠯᠠᠬᠤ︾ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠵᠢᠴᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/16
    5 ᠰᠠᠷ᠎ᠠ ᠶᠢᠨ 15᠎ ᠤ ᠡᠳᠦᠷ᠂ ᠡᠵᠡᠨ᠎ᠡ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠪᠣᠯᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ ︽︿ᠪᠢᠴᠢᠭ﹀᠎ ᠢᠶᠠᠷ ᠠᠮᠢᠳᠤᠷᠠᠯ ᠢᠶᠠᠨ ᠭᠡᠷᠡᠯᠲᠦᠭᠦᠯᠵᠦ᠂ ᠰᠠᠶᠢᠨ ᠰᠠᠶᠢᠬᠠᠨ ᠢ ᠰᠠᠬᠢᠨ ᠬᠠᠮᠠᠭᠠᠯᠠᠶ᠎ᠠ︾ ᠭᠡᠬᠦ ᠭᠤᠤᠯ ᠰᠡᠳᠦᠪ ᠲᠠᠢ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠵᠢᠴᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯᠯᠠᠭ᠎ᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠤᠯᠤᠳ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠰᠢ ᠶᠠᠨ ᠯᠢᠩ ᠣᠷᠣᠯᠴᠠᠪᠠ᠃    ᠲᠣᠰ ᠠᠵᠢᠯᠯᠠᠭᠠᠨ ᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠶᠠᠲᠤ ᠶᠢᠨ ᠨᠤᠲᠤᠭ ᠤᠨ ᠥᠨᠳᠥᠷ ᠭᠤᠤᠯ ᠰᠤᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠷᠢᠶᠠᠲᠤ ᠨᠠᠷ ᠤᠨ ᠬᠤᠯᠪᠣᠭ᠎ᠠ᠂ ᠬᠠᠷᠢᠶᠠᠲᠤ ᠶᠢᠨ ᠠᠵᠤ ᠠᠬᠤᠶᠢᠯᠠᠯ ᠵᠢᠴᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠵᠡᠷᠭᠡ ᠲᠥᠯᠥᠭᠡᠯᠡᠭᠴᠢ ᠶᠢ 12309 ᠪᠠᠶᠢᠴᠠᠭᠠᠬᠤ ᠦᠢᠯᠡᠴᠢᠯᠡᠭᠡᠨ ᠤ ᠲᠥᠪ᠂ ᠪᠠᠶᠢᠴᠠᠭᠠᠭᠠᠳᠤᠶ ᠬᠡᠷ ᠪᠦᠯᠢ᠂ ᠲᠤᠤᠷᠠᠶ ᠶᠢᠨ ᠨᠣᠮ ᠤᠨ ᠥᠷᠥᠭᠡ ᠵᠡᠷᠭᠡ ᠴᠢᠳᠠᠮᠵᠢ ᠶᠢᠨ ᠲᠣᠭᠤᠷᠢᠭ ᠲᠤ ᠤᠷᠢᠵᠤ᠂ ᠲᠤᠬᠠᠶ ᠶᠢᠨ ᠲᠠᠯᠠᠪᠠᠶ ᠶᠢᠨ ᠲᠠᠶᠢᠯᠤᠮᠵᠢ + ᠲᠤᠰᠬᠠᠶ ᠰᠡᠳᠦᠪᠲᠦ ᠰᠠᠮᠪᠠᠷ᠎ᠠ ᠶᠢᠨ ᠦᠵᠡᠭᠦᠯᠦᠯᠭᠡ ᠶᠢᠨ ᠬᠡᠯᠪᠡᠷᠢ ᠪᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠠᠵᠢᠯ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ᠤᠨᠴᠠᠯᠢᠭᠳᠤ ᠠᠵᠢᠯ ᠤᠨ ᠦᠷ᠎ᠡ ᠪᠦᠲᠦᠭᠡᠯ ᠢ ᠨᠠᠷᠢᠨ ᠣᠶᠢᠯᠠᠭᠠᠪᠠ᠃    ᠪᠠᠶᠢᠴᠠᠭᠠᠬᠤ ᠬᠤᠷᠢᠶ᠎ᠠ ᠪᠠ ᠬᠠᠷᠢᠶᠠᠲᠤ ᠨᠠᠷ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠰᠠ ︽ᠰᠢᠨ᠎ᠡ ᠴᠠᠭ ᠦᠶ᠎ᠡ ᠶᠢᠨ ᠬᠠᠷᠢᠶᠠᠲᠤ ᠳᠤ ᠬᠤᠯᠪᠣᠭᠳᠠᠭᠰᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠰᠠᠨᠠᠯ︾᠎ ᠤᠨ ᠪᠢᠴᠢᠭ ᠮᠠᠲ᠋ᠧᠷᠢᠶᠠᠯ ᠤᠨ ᠪᠠᠶᠢᠴᠠᠭᠠᠬᠤ ᠠᠵᠢᠯ ᠳᠤ ᠬᠤᠯᠪᠣᠭᠳᠠᠭᠰᠠᠨ ᠬᠠᠷᠢᠶᠠᠲᠤ ᠶᠢᠨ ᠬᠡᠰᠡᠭ ᠠᠭᠤᠯᠭ᠎ᠠ ᠳᠤ ᠨᠠᠷᠢᠨ ᠲᠠᠶᠢᠯᠤᠮᠵᠢ ᠬᠢᠪᠡ᠃ ᠳᠠᠷᠠᠭ᠎ᠠ ᠨᠢ ᠬᠤᠷᠠᠯ ᠳᠤ ᠣᠷᠣᠯᠴᠠᠭᠰᠠᠳ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠶᠢᠨ ᠡᠷᠬᠡ ᠠᠰᠢᠭ ᠵᠢᠴᠢ ᠬᠠᠷᠢᠶᠠᠲᠤ ᠨᠠᠷ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠮᠠᠭᠠᠯᠠᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠬᠠᠯᠠᠭᠤᠨ ᠶᠠᠷᠢᠯᠴᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠤᠯᠤᠳ ᠪᠣᠯᠤᠨ ᠰᠢ ᠶᠠᠨ ᠯᠢᠩ       ︽ᠡᠵᠡᠨ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠵᠡᠨ᠎ᠡ ᠬᠤᠰᠢᠭᠤᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯ ᠤᠨ ᠲᠣᠭᠲᠠᠴᠠ︾᠎ ᠳᠤ ᠭᠠᠷ ᠤᠨ ᠥᠰᠥᠭ ᠵᠢᠷᠤᠪᠠ᠂ ᠡᠨᠡ ᠨᠢ ᠪᠠᠶᠢᠴᠠᠭᠠᠬᠤ ᠪᠠ ᠬᠠᠷᠢᠶᠠᠲᠤ ᠨᠠᠷ ᠤᠨ ᠪᠠᠶᠢᠩᠭᠤᠵᠢᠭᠰᠠᠨ ᠬᠠᠮᠵᠢᠯᠴᠠᠭ᠎ᠠ ᠨᠢ ᠳᠦᠷᠢᠮᠵᠢᠭᠰᠡᠨ ᠵᠠᠮ ᠳᠤ ᠤᠷᠤᠭᠰᠠᠨ ᠢ ᠬᠠᠷᠠᠭᠤᠯᠵᠤ       ᠪᠣᠶ᠃    ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠠᠷᠢᠶᠠᠲᠤ ᠶᠢᠨ ᠠᠯᠪᠠᠨ ᠭᠡᠷ ᠤᠨ ᠡᠷᠬᠢᠯᠡᠭᠴᠢ ᠡᠤ ᠯᠢ ᠨᠠ᠄ ︽ᠡᠵᠡᠨ᠎ᠡ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠢᠳᠡᠪᠬᠢᠲᠡᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠲᠤᠷᠠᠯᠴᠠᠭᠠᠨ ᠤ ᠠᠵᠢᠯ ᠤᠨ ᠲᠦᠷᠦᠯ ᠲᠡᠮᠳᠡᠭ ᠢ ᠡᠭᠦᠳᠴᠦ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ︾ ᠭᠡᠪᠡ᠃    ᠡᠵᠡᠨ᠎ᠡ ᠬᠤᠰᠢᠭᠤᠨ ᠤ ᠴᠤᠷ ᠤᠨ ᠭᠠᠭᠴᠠ ᠬᠠᠷᠢᠶᠠᠲᠤ ᠳᠤ ᠬᠤᠯᠪᠣᠭᠳᠠᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠳᠡᠭᠡᠷ᠎ᠡ ︽ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡᠨ ᠤ ᠬᠠᠷᠢᠯᠴᠠᠬᠤ ᠴᠡᠭ︾᠎ ᠤᠨ ᠫᠠᠶᠢᠰᠠ ᠶᠢ ᠬᠦᠷᠳᠡᠪᠡ᠂ ᠡᠨᠡ ᠬᠦ ᠠᠷᠭ᠎ᠠ ᠬᠡᠮᠵᠢᠶ᠎ᠡ ᠨᠢ ᠬᠠᠷᠢᠶᠠᠲᠤ ᠨᠠᠷ ᠲᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠰᠢᠰᠲᠧᠮᠵᠢᠭᠰᠡᠨ ᠪᠠᠶᠢᠭᠤᠯᠤᠯᠲᠠ ᠶᠢᠨ ᠰᠢᠨ᠎ᠡ ᠱᠠᠳᠤ ᠲᠡᠶᠢᠰᠢ ᠤᠷᠤᠭᠰᠢᠯᠠᠬᠤ ᠶᠢ ᠬᠠᠷᠠᠭᠤᠯᠵᠤ ᠪᠤᠢ᠃    ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠷᠢᠶᠠᠲᠤ ᠨᠠᠷ ᠤᠨ ᠬᠤᠯᠪᠣᠭ᠎ᠠ ᠶᠢᠨ ᠭᠡᠰᠢᠭᠦᠨ᠂ ᠠᠶᠢᠮᠠᠭ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠲᠥᠯᠥᠭᠡᠯᠡᠭᠴᠢ᠂ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠤᠷᠭᠢᠯᠪᠠᠲᠤ᠄ ︽︿ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡ ᠶᠢᠨ ᠬᠠᠷᠢᠯᠴᠠᠬᠤ ᠴᠡᠭ﹀᠎ ᠨᠢ ᠠᠵᠤ ᠠᠬᠤᠶᠢᠯᠠᠯ ᠪᠣᠯᠤᠨ ᠪᠠᠶᠢᠴᠠᠭᠠᠬᠤ ᠪᠠᠶᠢᠭᠤᠯᠭ᠎ᠠ ᠶᠢᠨ ︽ᠰᠢᠭᠤᠳ ᠨᠡᠪᠲᠡᠷᠡᠬᠦ ᠬᠥᠭᠦᠷᠭᠡ︾᠎ ᠶᠢ ᠪᠠᠶᠢᠭᠤᠯᠵᠤ᠂ ᠮᠠᠨ ᠤ ᠬᠠᠷᠢᠶᠠᠲᠤ ᠲᠠᠢ ᠬᠤᠯᠪᠣᠭᠳᠠᠭᠰᠠᠨ ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠯᠠᠪᠯᠠᠭ᠎ᠠ ᠶᠢ ᠡᠳ᠋ᠯᠡᠭᠦᠯᠦᠭᠰᠡᠨ ᠪᠠᠶᠢᠨ᠎ᠠ᠂ ᠡᠶᠢᠮᠦᠷᠬᠦ ︿ᠭᠡᠷ ᠤᠨ ᠳᠡᠷᠭᠡᠳᠡᠬᠢ ᠦᠢᠯᠡᠴᠢᠯᠡᠭᠡ﹀᠎ ᠨᠢ ᠮᠠᠨ ᠤ ᠬᠠᠷᠢᠶᠠᠲᠤ ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠨᠡᠩ ᠰᠠᠨᠠᠭ᠎ᠠ ᠠᠮᠤᠷ ᠪᠣᠯᠭᠠᠵᠤ᠂ ᠬᠥᠭᠵᠢᠯᠲᠡ ᠶᠢ ᠨᠢ ᠨᠡᠩ ᠢᠲᠡᠭᠡᠯ ᠲᠡᠭᠦᠯᠳᠡᠷ ᠪᠣᠯᠭᠠᠵᠠᠢ᠃ ᠬᠤᠶᠢᠰᠢᠳᠠ᠂ ᠪᠢᠳᠡ ᠪᠠᠶᠢᠴᠠᠭᠠᠬᠤ ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠠᠷᠢᠶᠠᠲᠤ ᠠᠬ᠎ᠠ ᠳᠡᠭᠦᠦ ᠨᠡᠷ ᠪᠠ ᠬᠠᠷᠢᠶᠠᠲᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ︾ ᠭᠡᠪᠡ᠃    ᠡᠵᠡᠨ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ ᠰᠡᠷᠭᠦᠯᠡᠩ᠄ ︽︿ᠪᠠᠶᠢᠴᠠᠭᠠᠬᠤ + ᠬᠠᠷᠢᠶᠠᠲᠤ ᠨᠠᠷ ᠤᠨ ᠬᠤᠯᠪᠣᠭ᠎ᠠ﹀᠎ ᠶᠢᠨ ᠪᠠᠢᠩᠭᠤᠵᠢᠭᠰᠠᠨ ᠬᠤᠯᠪᠣᠭ᠎ᠠ ᠠᠪᠬᠤ ᠲᠣᠭᠲᠠᠴᠠ ᠪᠣᠯᠤᠨ ︿ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡᠨ ᠤ ᠬᠠᠷᠢᠯᠴᠠᠬᠤ ᠴᠢᠭ﹀᠎ ᠢ ᠪᠠᠶᠢᠭᠤᠯᠬᠤ ᠪᠠᠷ ᠳᠠᠮᠵᠢᠭᠤᠯᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠪᠣᠯᠤᠨ ᠬᠠᠷᠢᠶᠠᠲᠤ ᠨᠠᠷ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠶᠢᠴᠠᠭᠠᠬᠤ ᠪᠠᠶᠢᠭᠤᠯᠤᠯᠭ᠎ᠠ ᠬᠠᠷᠢᠶᠠᠲᠤ ᠨᠠᠷ ᠤᠨ ᠬᠤᠯᠪᠣᠭ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠶᠠᠲᠤ ᠨᠠᠷ ᠲᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠠᠤᠯᠢᠵᠢᠯ ᠢ ᠬᠠᠯᠠᠭᠤᠨ ᠳᠤᠯᠠᠭᠠᠨ ᠢᠶᠠᠷ ᠬᠠᠷᠢᠶᠠᠲᠤ ᠠᠬ᠎ᠠ ᠳᠡᠭᠦᠦ ᠨᠡᠷ ᠤᠨ ᠰᠡᠳᠬᠢᠯ ᠳᠤ ᠬᠦᠷᠭᠡᠵᠦ᠂ ᠬᠠᠷᠢᠶᠠᠲᠤ ᠨᠠᠷ ᠲᠤ ᠬᠤᠯᠪᠣᠭᠳᠠᠬᠤ ᠪᠠᠶᠢᠴᠠᠭᠠᠬᠤ ᠠᠵᠢᠯ ᠢ ᠬᠠᠮᠲᠤᠪᠠᠷ ᠠᠬᠢᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号