ᠡᠨᠡ ᠵᠢᠯ ᠤᠨ ᠨᠢᠭᠡᠳᠦᠭᠡᠷ ᠤᠯᠠᠷᠢᠯ ᠳᠤ᠂ ᠴᠡᠭᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 23.2 ᠳ᠋ᠦᠩᠰᠢᠭᠤᠷ ᠲᠥᠭᠦᠷᠢᠭ ᠲᠤ ᠬᠦᠷᠴᠤ᠂ ᠡᠭᠦᠨ ᠳᠤ | ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 3.8 ᠳ᠋ᠦᠩᠰᠢᠭᠤᠷ ᠲᠥᠭᠦᠷᠢᠭ ᠲᠤ ᠬᠦᠷᠦᠨ᠂ ᠠᠳᠠᠯᠢ | ᠬᠤᠭᠤᠴᠠᠭᠠᠨ ᠤ ᠬᠢ ᠠᠴᠠ 98.8% ᠨᠡᠮᠡᠭᠳᠡᠵᠦ᠂ ᠠᠭᠤᠷᠬᠠᠢ ᠶᠢᠨ ᠠᠴᠢᠶᠠᠨ ᠤ ᠮᠠᠰᠢᠨ᠂ ᠪᠠᠷᠢᠯᠭ᠎ᠠ ᠶᠢᠨ ᠮᠠᠰᠢᠨ | ᠵᠡᠷᠭᠡ ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ ᠤ ᠭᠠᠳᠠᠭᠠᠳᠤ ᠭᠠᠷᠭᠠᠯᠲᠠ ᠢᠯᠡ ᠲᠣᠳᠣ ᠪᠣᠯᠵᠤ᠂ | ᠲᠦᠷᠦᠭᠦᠦ ᠤᠯᠠᠷᠢᠯ ᠤᠨ ᠭᠠᠳᠠᠭᠠᠳᠤ ᠠᠷᠠᠯᠵᠢᠶ᠎ᠠ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠵᠡᠢ᠃ | ᠡᠨᠡ ᠵᠢᠯ ᠠᠴᠠ ᠨᠠᠰᠢ᠂ ᠡᠵᠡᠨ᠎ᠡ ᠪᠣᠭᠤᠮᠲᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠪᠥᠬᠦ ᠬᠡᠯᠬᠢᠶᠡᠨ ᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠨᠢᠭᠡ | ᠦᠷᠳᠡᠭᠡᠴᠢᠯᠡᠭᠰᠡᠨ ᠮᠠᠶ᠋ᠢᠭ︾ ᠤᠨ ᠪᠠᠶᠢᠴᠠᠭᠠᠨ ᠰᠢᠯᠭᠠᠬᠤ ᠲᠠᠪᠴᠠᠩ ᠢᠶᠠᠷ ᠳᠠᠮᠵᠢᠭᠤᠯᠤᠨ᠂ ᠭᠤᠶᠤᠴᠢᠯᠠᠨ | ᠮᠡᠳᠡᠭᠦᠯᠬᠦ᠂ ᠪᠠᠶᠢᠴᠠᠭᠠᠨ ᠰᠢᠯᠭᠠᠬᠤ᠂ ᠲᠠᠯᠪᠢᠵᠤ ᠶᠠᠪᠤᠭᠤᠯᠬᠤ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠬᠡᠲᠦ | ᠥᠷᠭᠡᠨ ᠬᠡᠲᠦ ᠥᠨᠳᠥᠷ ᠪᠠᠷᠠᠭ᠎ᠠ ᠳᠤ ᠲᠤᠰᠬᠠᠢ ᠨᠡᠪᠲᠡᠷᠡᠬᠦ ᠵᠠᠮ ᠢ ᠡᠬᠢᠯᠡᠨ ᠬᠡᠷᠡᠭᠯᠡᠵᠦ᠂ ︽ᠬᠦᠷᠦᠮᠡᠭᠴᠡ | ᠪᠠᠶᠢᠴᠠᠭᠠᠵᠤ ᠪᠡᠯᠡᠨ ᠲᠠᠯᠪᠢᠵᠤ ᠶᠠᠪᠤᠭᠤᠯᠬᠤ︾ ᠶᠢ ᠪᠡᠶᠡᠯᠡᠬᠦᠯᠦᠨ᠂ ᠪᠦᠬᠦᠯᠢ ᠴᠣᠭᠴᠠ ᠶᠢᠨ ᠪᠣᠭᠤᠮᠲᠠ ᠪᠠᠷ | ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠶᠡᠭᠡ ᠪᠠᠷ ᠪᠠᠭᠠᠰᠬᠠᠪᠠ᠃ ᠤᠷᠢᠳᠴᠢᠯᠠᠨ ᠪᠣᠯᠵᠣᠬᠤ ᠳᠦᠷᠢᠮ ᠤᠨ | ᠬᠠᠷᠢᠮᠠᠬᠠᠢ ᠴᠢᠨᠠᠷᠲᠠᠢ ᠦᠢᠯᠡᠴᠢᠯᠡᠭᠡ ᠶᠢ ᠬᠡᠷᠡᠭᠵᠢᠭᠦᠯᠵᠦ᠂ ︽ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ + | ᠣᠷᠭᠢᠯ ᠦᠶ᠎ᠡ ᠶᠢ ᠵᠥᠷᠢᠭᠦᠯᠦᠨ ᠪᠠᠶᠢᠴᠠᠭᠠᠨ ᠰᠢᠯᠭᠠᠬᠤ︾ ᠲᠣᠭᠲᠠᠴᠠ ᠪᠠᠷ ᠳᠠᠮᠵᠢᠭᠤᠯᠤᠨ᠂ ᠠᠵᠤ ᠠᠬᠤᠶᠢᠯᠠᠯ ᠳᠤ | 7×24 ᠴᠠᠭ ᠤᠨ ᠪᠣᠭᠤᠮᠲᠠ ᠪᠠᠷ ᠥᠩᠭᠡᠷᠡᠬᠦ ᠪᠠᠲᠤᠯᠠᠭ᠎ᠠ ᠬᠠᠩᠭᠠᠵᠤ᠂ ᠨᠢᠭᠡᠳᠦᠭᠡᠷ ᠤᠯᠠᠷᠢᠯ ᠳᠤ 179 ᠲᠦᠮᠡᠨ | ᠲᠥᠭᠦᠷᠢᠭ ᠤᠨ ᠲᠤᠰᠬᠠᠢ ᠬᠡᠷᠡᠭᠯᠡᠭᠡᠨ ᠤ ᠮᠠᠰᠢᠨ ᠲᠡᠷᠭᠡ ᠶᠢ ᠭᠠᠳᠠᠭᠠᠳᠤ ᠳᠤ ᠭᠠᠷᠭᠠᠨ᠂ ᠠᠳᠠᠯᠢ ᠬᠤᠭᠤᠴᠠᠭᠠᠨ ᠤ | ᠬᠢ ᠠᠴᠠ 154.8% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ | ᠪᠠᠬᠢᠯᠡᠯᠲᠡ ᠬᠢᠭᠡᠳ ᠲᠣᠭᠲᠠᠭᠠᠯ ᠳᠤ ᠨᠡᠶᠢᠴᠡᠬᠦ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ | ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ︽ᠨᠢᠭᠡ ᠦᠷᠳᠡᠭᠡᠴᠢᠯᠡᠭᠰᠡᠨ ᠮᠠᠶ᠋ᠢᠭ ᠤᠨ ᠦᠢᠯᠡᠴᠢᠡᠯᠭᠡ︾᠂ ︽ᠪᠣᠭᠤᠮᠲᠠ ᠶᠢᠨ ᠳᠠᠷᠤᠭ᠎ᠠ | ᠲᠦᠷᠦ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ︾ ᠵᠡᠷᠭᠡ ᠲᠣᠭᠲᠠᠴᠠ ᠶᠢ ᠲᠠᠪᠬᠤᠴᠠᠭᠤᠯᠵᠤ᠂ ᠤᠯᠠᠨ | ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ | ᠬᠠᠨᠳᠤᠯᠭᠠᠲᠤ ᠴᠢᠨᠠᠷᠲᠠᠢ ᠪᠠᠷ ᠲᠠᠶᠢᠯᠪᠤᠷᠢᠯᠠᠪᠠ᠃ ᠮᠦᠨᠴᠤ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ | ᠶᠢᠨ ᠬᠥᠳᠡᠯᠦᠩᠭᠦᠢ ᠬᠠᠮᠢᠶᠠᠷᠤᠯᠲᠠ ᠶᠢ ᠥᠷᠨᠢᠭᠦᠯᠵᠦ᠂ ︽ᠨᠢᠭᠡ ᠯᠡ ᠴᠣᠩᠬᠤᠪᠴᠢ︾ ᠶᠢᠨ ᠮᠡᠳᠡᠭᠡ | ᠵᠠᠩᠭᠢᠵᠢᠯᠲᠠ ᠶᠢᠨ ᠰᠢᠰᠲ᠋ᠧᠮ ᠳᠤ ᠲᠦᠰᠢᠭᠯᠡᠨ᠂ ᠴᠠᠭᠠᠰᠤ ᠬᠡᠷᠡᠭᠯᠡᠬᠦ ᠦᠭᠡᠢ ᠪᠠᠷ ᠳᠠᠩᠰᠠᠯᠠᠬᠤ᠂ ᠡᠯᠧᠺᠲᠷᠣᠨ ᠢᠶᠠᠷ | ᠬᠠᠷᠭᠤᠭᠤᠯᠤᠨ ᠳᠠᠩᠰᠠᠨ ᠠᠴᠠ ᠭᠠᠷᠭᠠᠬᠤ ᠶᠢ ᠬᠡᠷᠡᠭᠵᠢᠭᠦᠯᠵᠦ᠂ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠳᠤ | ︽ᠤᠯᠠᠨ ᠤᠳᠠᠭ᠎ᠠ ᠭᠦᠶᠦᠬᠦ︾ ᠠᠴᠠ ︽ ᠭᠦᠶᠦᠯᠲᠡ ᠦᠭᠡᠢ ᠪᠤᠯᠭᠠᠬᠤ︾ ᠳᠤ ᠬᠦᠷᠭᠡᠨ᠂ ︽ᠴᠠᠭᠠᠰᠤᠨ ᠴᠠᠭ | ᠦᠶ᠎ᠡ︾ ᠠᠴᠠ ︽ᠲᠣᠭᠠᠵᠢᠭᠤᠯᠤᠭᠰᠠᠨ ᠴᠠᠭ ᠦᠶ᠎ᠡ︾ ᠪᠣᠯᠬᠤ ᠳᠠᠪᠠᠯᠲᠠ ᠶᠢ ᠪᠡᠶᠡᠯᠡᠭᠦᠯᠦᠨ᠎ᠡ᠃ |