ᠡᠵᠡᠨ᠎ᠡ ᠬᠤᠰᠢᠭᠤ ︽︿ᠪᠢᠴᠢᠭ﹀ ᠢᠶᠠᠷ ᠠᠮᠢᠳᠤᠷᠠᠯ ᠢᠶᠠᠨ ᠭᠡᠷᠡᠯᠲᠦᠭᠦᠯᠵᠦ᠂ ᠰᠠᠶᠢᠨ ᠰᠠᠶᠢᠬᠠᠨ ᠢ ᠰᠠᠬᠢᠨ ᠬᠠᠮᠠᠭᠠᠯᠠᠬᠤ︾ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠵᠢᠴᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/16
    5 ᠰᠠᠷ᠎ᠠ ᠶᠢᠨ 15 ᠤ ᠡᠳᠦᠷ᠂ ᠡᠵᠡᠨ᠎ᠡ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠪᠣᠯᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ ︽︿ᠪᠢᠴᠢᠭ﹀ ᠢᠶᠠᠷ ᠠᠮᠢᠳᠤᠷᠠᠯ ᠢᠶᠠᠨ ᠭᠡᠷᠡᠯᠲᠦᠭᠦᠯᠵᠦ᠂ ᠰᠠᠶᠢᠨ ᠰᠠᠶᠢᠬᠠᠨ ᠢ ᠰᠠᠬᠢᠨ ᠬᠠᠮᠠᠭᠠᠯᠠᠶ᠎ᠠ︾ ᠭᠡᠬᠦ ᠭᠤᠤᠯ ᠰᠡᠳᠦᠪ ᠲᠠᠢ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠵᠢᠴᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯᠯᠠᠭ᠎ᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠤᠯᠤᠳ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠰᠢ ᠶᠠᠨ ᠯᠢᠩ ᠣᠷᠣᠯᠴᠠᠪᠠ᠃    ᠲᠣᠰ ᠠᠵᠢᠯᠯᠠᠭᠠᠨ ᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠶᠠᠲᠤ ᠶᠢᠨ ᠨᠤᠲᠤᠭ ᠤᠨ ᠥᠨᠳᠥᠷ ᠭᠤᠤᠯ ᠰᠤᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠷᠢᠶᠠᠲᠤ ᠨᠠᠷ ᠤᠨ ᠬᠤᠯᠪᠣᠭ᠎ᠠ᠂ ᠬᠠᠷᠢᠶᠠᠲᠤ ᠶᠢᠨ ᠠᠵᠤ ᠠᠬᠤᠶᠢᠯᠠᠯ ᠵᠢᠴᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠵᠡᠷᠭᠡ ᠲᠥᠯᠥᠭᠡᠯᠡᠭᠴᠢ ᠶᠢ 12309 ᠪᠠᠶᠢᠴᠠᠭᠠᠬᠤ ᠦᠢᠯᠡᠴᠢᠯᠡᠭᠡᠨ ᠤ ᠲᠥᠪ᠂ ᠪᠠᠶᠢᠴᠠᠭᠠᠭᠠᠳᠤᠶ ᠬᠡᠷ ᠪᠦᠯᠢ᠂ ᠲᠤᠤᠷᠠᠶ ᠶᠢᠨ ᠨᠣᠮ ᠤᠨ ᠥᠷᠥᠭᠡ ᠵᠡᠷᠭᠡ ᠴᠢᠳᠠᠮᠵᠢ ᠶᠢᠨ ᠲᠣᠭᠤᠷᠢᠭ ᠲᠤ ᠤᠷᠢᠵᠤ᠂ ᠲᠤᠬᠠᠶ ᠶᠢᠨ ᠲᠠᠯᠠᠪᠠᠶ ᠶᠢᠨ ᠲᠠᠶᠢᠯᠤᠮᠵᠢ + ᠲᠤᠰᠬᠠᠶ ᠰᠡᠳᠦᠪᠲᠦ ᠰᠠᠮᠪᠠᠷ᠎ᠠ ᠶᠢᠨ ᠦᠵᠡᠭᠦᠯᠦᠯᠭᠡ ᠶᠢᠨ ᠬᠡᠯᠪᠡᠷᠢ ᠪᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠠᠵᠢᠯ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ᠤᠨᠴᠠᠯᠢᠭᠳᠤ ᠠᠵᠢᠯ ᠤᠨ ᠦᠷ᠎ᠡ ᠪᠦᠲᠦᠭᠡᠯ ᠢ ᠨᠠᠷᠢᠨ ᠣᠶᠢᠯᠠᠭᠠᠪᠠ᠃    ᠪᠠᠶᠢᠴᠠᠭᠠᠬᠤ ᠬᠤᠷᠢᠶ᠎ᠠ ᠪᠠ ᠬᠠᠷᠢᠶᠠᠲᠤ ᠨᠠᠷ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠰᠠ ︽ᠰᠢᠨ᠎ᠡ ᠴᠠᠭ ᠦᠶ᠎ᠡ ᠶᠢᠨ ᠬᠠᠷᠢᠶᠠᠲᠤ ᠳᠤ ᠬᠤᠯᠪᠣᠭᠳᠠᠭᠰᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠳᠤᠮᠳᠠᠳᠤ ᠶᠢᠨ ᠪᠦᠬᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠰᠠᠨᠠᠯ︾ ᠤᠨ ᠪᠢᠴᠢᠭ ᠮᠠᠲ᠋ᠧᠷᠢᠶᠠᠯ ᠤᠨ ᠪᠠᠶᠢᠴᠠᠭᠠᠬᠤ ᠠᠵᠢᠯ ᠳᠤ ᠬᠤᠯᠪᠣᠭᠳᠠᠭᠰᠠᠨ ᠬᠠᠷᠢᠶᠠᠲᠤ ᠶᠢᠨ ᠬᠡᠰᠡᠭ ᠠᠭᠤᠯᠭ᠎ᠠ ᠳᠤ ᠨᠠᠷᠢᠨ ᠲᠠᠶᠢᠯᠤᠮᠵᠢ ᠬᠢᠪᠡ᠃ ᠳᠠᠷᠠᠭ᠎ᠠ ᠨᠢ ᠬᠤᠷᠠᠯ ᠳᠤ ᠣᠷᠣᠯᠴᠠᠭᠰᠠᠳ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠶᠢᠨ ᠡᠷᠬᠡ ᠠᠰᠢᠭ ᠵᠢᠴᠢ ᠬᠠᠷᠢᠶᠠᠲᠤ ᠨᠠᠷ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠮᠠᠭᠠᠯᠠᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠬᠠᠯᠠᠭᠤᠨ ᠶᠠᠷᠢᠯᠴᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠤᠯᠤᠳ ᠪᠣᠯᠤᠨ ᠰᠢ ᠶᠠᠨ ᠯᠢᠩ       ︽ᠡᠵᠡᠨ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠵᠡᠨ᠎ᠡ ᠬᠤᠰᠢᠭᠤᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠵᠢᠯᠴᠠᠬᠤ ᠠᠵᠢᠯ ᠤᠨ ᠲᠣᠭᠲᠠᠴᠠ︾ ᠳᠤ ᠭᠠᠷ ᠤᠨ ᠥᠰᠥᠭ ᠵᠢᠷᠤᠪᠠ᠂ ᠡᠨᠡ ᠨᠢ ᠪᠠᠶᠢᠴᠠᠭᠠᠬᠤ ᠪᠠ ᠬᠠᠷᠢᠶᠠᠲᠤ ᠨᠠᠷ ᠤᠨ ᠪᠠᠶᠢᠩᠭᠤᠵᠢᠭᠰᠠᠨ ᠬᠠᠮᠵᠢᠯᠴᠠᠭ᠎ᠠ ᠨᠢ ᠳᠦᠷᠢᠮᠵᠢᠭᠰᠡᠨ ᠵᠠᠮ ᠳᠤ ᠤᠷᠤᠭᠰᠠᠨ ᠢ ᠬᠠᠷᠠᠭᠤᠯᠵᠤ       ᠪᠣᠶ᠃    ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠠᠷᠢᠶᠠᠲᠤ ᠶᠢᠨ ᠠᠯᠪᠠᠨ ᠭᠡᠷ ᠤᠨ ᠡᠷᠬᠢᠯᠡᠭᠴᠢ ᠡᠤ ᠯᠢ ᠨᠠ᠄ ︽ᠡᠵᠡᠨ᠎ᠡ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠢᠳᠡᠪᠬᠢᠲᠡᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠪᠠᠶᠢᠴᠠᠭᠠᠬᠤ ᠪᠠ ᠬᠠᠷᠢᠶᠠᠲᠤ ᠨᠠᠷ ᠤᠨ ᠬᠠᠮᠲᠤᠷᠠᠯᠴᠠᠭᠠᠨ ᠤ ᠠᠵᠢᠯ ᠤᠨ ᠲᠦᠷᠦᠯ ᠲᠡᠮᠳᠡᠭ ᠢ ᠡᠭᠦᠳᠴᠦ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ︾ ᠭᠡᠪᠡ᠃    ᠡᠵᠡᠨ᠎ᠡ ᠬᠤᠰᠢᠭᠤᠨ ᠤ ᠴᠤᠷ ᠤᠨ ᠭᠠᠭᠴᠠ ᠬᠠᠷᠢᠶᠠᠲᠤ ᠳᠤ ᠬᠤᠯᠪᠣᠭᠳᠠᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠳᠡᠭᠡᠷ᠎ᠡ ︽ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡᠨ ᠤ ᠬᠠᠷᠢᠯᠴᠠᠬᠤ ᠴᠡᠭ︾ ᠤᠨ ᠫᠠᠶᠢᠰᠠ ᠶᠢ ᠬᠦᠷᠳᠡᠪᠡ᠂ ᠡᠨᠡ ᠬᠦ ᠠᠷᠭ᠎ᠠ ᠬᠡᠮᠵᠢᠶ᠎ᠡ ᠨᠢ ᠬᠠᠷᠢᠶᠠᠲᠤ ᠨᠠᠷ ᠲᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠰᠢᠰᠲᠧᠮᠵᠢᠭᠰᠡᠨ ᠪᠠᠶᠢᠭᠤᠯᠤᠯᠲᠠ ᠶᠢᠨ ᠰᠢᠨ᠎ᠡ ᠱᠠᠳᠤ ᠲᠡᠶᠢᠰᠢ ᠤᠷᠤᠭᠰᠢᠯᠠᠬᠤ ᠶᠢ ᠬᠠᠷᠠᠭᠤᠯᠵᠤ ᠪᠤᠢ᠃    ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠷᠢᠶᠠᠲᠤ ᠨᠠᠷ ᠤᠨ ᠬᠤᠯᠪᠣᠭ᠎ᠠ ᠶᠢᠨ ᠭᠡᠰᠢᠭᠦᠨ᠂ ᠠᠶᠢᠮᠠᠭ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠲᠥᠯᠥᠭᠡᠯᠡᠭᠴᠢ᠂ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠤᠷᠭᠢᠯᠪᠠᠲᠤ᠄ ︽︿ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡ ᠶᠢᠨ ᠬᠠᠷᠢᠯᠴᠠᠬᠤ ᠴᠡᠭ﹀ ᠨᠢ ᠠᠵᠤ ᠠᠬᠤᠶᠢᠯᠠᠯ ᠪᠣᠯᠤᠨ ᠪᠠᠶᠢᠴᠠᠭᠠᠬᠤ ᠪᠠᠶᠢᠭᠤᠯᠭ᠎ᠠ ᠶᠢᠨ ︽ᠰᠢᠭᠤᠳ ᠨᠡᠪᠲᠡᠷᠡᠬᠦ ᠬᠥᠭᠦᠷᠭᠡ︾ ᠶᠢ ᠪᠠᠶᠢᠭᠤᠯᠵᠤ᠂ ᠮᠠᠨ ᠤ ᠬᠠᠷᠢᠶᠠᠲᠤ ᠲᠠᠢ ᠬᠤᠯᠪᠣᠭᠳᠠᠭᠰᠠᠨ ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠯᠠᠪᠯᠠᠭ᠎ᠠ ᠶᠢ ᠡᠳ᠋ᠯᠡᠭᠦᠯᠦᠭᠰᠡᠨ ᠪᠠᠶᠢᠨ᠎ᠠ᠂ ᠡᠶᠢᠮᠦᠷᠬᠦ ︿ᠭᠡᠷ ᠤᠨ ᠳᠡᠷᠭᠡᠳᠡᠬᠢ ᠦᠢᠯᠡᠴᠢᠯᠡᠭᠡ﹀ ᠨᠢ ᠮᠠᠨ ᠤ ᠬᠠᠷᠢᠶᠠᠲᠤ ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠨᠡᠩ ᠰᠠᠨᠠᠭ᠎ᠠ ᠠᠮᠤᠷ ᠪᠣᠯᠭᠠᠵᠤ᠂ ᠬᠥᠭᠵᠢᠯᠲᠡ ᠶᠢ ᠨᠢ ᠨᠡᠩ ᠢᠲᠡᠭᠡᠯ ᠲᠡᠭᠦᠯᠳᠡᠷ ᠪᠣᠯᠭᠠᠵᠠᠢ᠃ ᠬᠤᠶᠢᠰᠢᠳᠠ᠂ ᠪᠢᠳᠡ ᠪᠠᠶᠢᠴᠠᠭᠠᠬᠤ ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠠᠷᠢᠶᠠᠲᠤ ᠠᠬ᠎ᠠ ᠳᠡᠭᠦᠦ ᠨᠡᠷ ᠪᠠ ᠬᠠᠷᠢᠶᠠᠲᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ︾ ᠭᠡᠪᠡ᠃    ᠡᠵᠡᠨ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ ᠰᠡᠷᠭᠦᠯᠡᠩ᠄ ︽︿ᠪᠠᠶᠢᠴᠠᠭᠠᠬᠤ + ᠬᠠᠷᠢᠶᠠᠲᠤ ᠨᠠᠷ ᠤᠨ ᠬᠤᠯᠪᠣᠭ᠎ᠠ﹀ ᠶᠢᠨ ᠪᠠᠢᠩᠭᠤᠵᠢᠭᠰᠠᠨ ᠬᠤᠯᠪᠣᠭ᠎ᠠ ᠠᠪᠬᠤ ᠲᠣᠭᠲᠠᠴᠠ ᠪᠣᠯᠤᠨ ︿ᠪᠠᠶᠢᠴᠠᠭᠠᠬᠤ ᠪᠠ ᠬᠠᠷᠢᠶᠠᠲᠤ ᠨᠠᠷ ᠤᠨ ᠦᠢᠯᠡᠴᠢᠯᠡᠭᠡᠨ ᠤ ᠬᠠᠷᠢᠯᠴᠠᠬᠤ ᠴᠢᠭ﹀ ᠢ ᠪᠠᠶᠢᠭᠤᠯᠬᠤ ᠪᠠᠷ ᠳᠠᠮᠵᠢᠭᠤᠯᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠪᠣᠯᠤᠨ ᠬᠠᠷᠢᠶᠠᠲᠤ ᠨᠠᠷ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠶᠢᠴᠠᠭᠠᠬᠤ ᠪᠠᠶᠢᠭᠤᠯᠤᠯᠭ᠎ᠠ ᠬᠠᠷᠢᠶᠠᠲᠤ ᠨᠠᠷ ᠤᠨ ᠬᠤᠯᠪᠣᠭ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠶᠠᠲᠤ ᠨᠠᠷ ᠲᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠠᠤᠯᠢᠵᠢᠯ ᠢ ᠬᠠᠯᠠᠭᠤᠨ ᠳᠤᠯᠠᠭᠠᠨ ᠢᠶᠠᠷ ᠬᠠᠷᠢᠶᠠᠲᠤ ᠠᠬ᠎ᠠ ᠳᠡᠭᠦᠦ ᠨᠡᠷ ᠤᠨ ᠰᠡᠳᠬᠢᠯ ᠳᠤ ᠬᠦᠷᠭᠡᠵᠦ᠂ ᠬᠠᠷᠢᠶᠠᠲᠤ ᠨᠠᠷ ᠲᠤ ᠬᠤᠯᠪᠣᠭᠳᠠᠬᠤ ᠪᠠᠶᠢᠴᠠᠭᠠᠬᠤ ᠠᠵᠢᠯ ᠢ ᠬᠠᠮᠲᠤᠪᠠᠷ ᠠᠬᠢᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号