ᠡᠵᠡᠨ᠎ᠡ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠤᠰᠤ ᠢᠯᠴᠢ ᠶᠢᠨ ᠬᠤᠭᠤᠯᠠᠶ ᠶᠢᠨ ᠲᠣᠣᠷ ᠢ ᠥᠭᠡᠷᠡᠴᠢᠯᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2025/5/20
    ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠭᠤᠴᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠡᠵᠡᠨ᠎ᠡ ᠬᠤᠰᠢᠭᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠤᠰᠤ ᠢᠯᠴᠢ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠲᠥᠷᠥᠯ ᠵᠦᠢᠯ ᠳᠠᠭᠤᠰᠤᠭᠰᠠᠨ ᠤ ᠳᠠᠷᠠᠭ᠎ᠠ 2700 ᠭᠠᠷᠤᠶ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠤᠨ᠎ᠠ᠃    ᠲᠣᠰ ᠤᠳᠠᠭᠠᠨ ᠤ ᠤᠰᠤ ᠢᠯᠴᠢ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠨᠢ 6941ᠮᠧᠲᠷ ᠤᠰᠤ ᠬᠠᠩᠭᠠᠬᠤ ᠬᠤᠭᠤᠯᠠᠶ᠂ 5539 ᠮᠧᠲᠷ ᠤᠰᠤ ᠵᠠᠯᠠᠬᠤ ᠬᠤᠭᠤᠯᠠᠶ᠂ 21090 ᠮᠧᠲᠷ ᠤᠨ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠥᠭᠡᠷᠡᠴᠢᠯᠡᠨ ᠪᠠᠶᠢᠭᠤᠯᠬᠤ ᠬᠡᠪᠴᠢᠶᠡᠨ ᠳᠤ ᠭᠤᠤᠯᠳᠠᠭᠤ ᠲᠢᠶᠠᠨ ᠹᠦ᠋ ᠵᠢᠶᠠ ᠶᠤᠸᠠᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠮᠧᠶ ᠶᠤᠸᠠᠨ ᠰᠠᠭᠤᠭᠠᠯᠢ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠵᠢᠤᠢ ᠶᠠᠨ ᠮᠢᠩ ᠵᠢᠶᠦ᠋ᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠰᠠᠨᠰᠠᠷ ᠤᠨ ᠠᠶᠠᠯᠠᠯ ᠤᠨ ᠴᠡᠴᠡᠷᠯᠢᠭ ᠤᠨ ᠰᠠᠭᠤᠭᠠᠯᠢ ᠲᠣᠭᠤᠷᠢᠭ᠂ ᠲᠠᠢ ᠬᠤᠤ ᠰᠠᠭᠤᠭᠠᠯᠢ ᠲᠣᠭᠤᠷᠢᠭ᠂ ᠶᠠᠩ ᠭᠤᠸᠠᠩ ᠰᠠᠭᠤᠭᠠᠯᠢ ᠲᠣᠭᠤᠷᠢᠭ ᠵᠡᠷᠭᠡ 6 ᠰᠠᠭᠤᠭᠠᠯᠢ ᠲᠣᠭᠤᠷᠢᠭ ᠢ ᠪᠠᠭᠲᠠᠭᠠᠵᠤ᠂ ᠣᠳᠣᠬᠠᠨ ᠳᠤ ᠡᠯ᠎ᠡ ᠰᠠᠭᠤᠭᠠᠯᠢ ᠲᠣᠭᠤᠷᠢᠭ ᠴᠥᠮ ᠠᠵᠢᠯ ᠢᠶᠠᠨ ᠡᠬᠢᠯᠡᠭᠦᠯᠵᠦ᠂ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠬᠠᠭᠤᠴᠢᠨ ᠬᠤᠭᠤᠯᠠᠶ ᠶᠢᠨ ᠲᠣᠤᠷ ᠤᠨ ︽ᠭᠤᠭᠤᠵᠢᠵᠤ ᠬᠠᠭᠠᠷᠠᠬᠤ︾᠂ ᠤᠰᠤ ᠵᠠᠯᠠᠬᠤ ᠨᠢ ᠰᠢᠯᠤᠭᠤᠨ ᠪᠤᠰᠤ᠂ ᠢᠯᠴᠢ ᠬᠠᠩᠭᠠᠬᠤ ᠨᠢ ᠲᠣᠭᠲᠠᠭᠤᠨ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃    ᠡᠵᠡᠨ᠎ᠡ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠤᠰᠤ ᠬᠠᠩᠭᠠᠬᠤ᠂ ᠤᠰᠤ ᠵᠠᠯᠠᠬᠤ ᠵᠢᠴᠢ ᠢᠯᠴᠢ ᠬᠠᠩᠭᠠᠬᠤ ᠬᠤᠭᠤᠯᠠᠶ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠳᠤ ᠨᠡᠶᠢᠲᠡ 2396 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠲᠣ ᠪᠠᠷᠢᠯᠭ᠎ᠠ ᠶᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠪᠠᠷᠢᠵᠤ ᠳᠠᠭᠤᠰᠬᠠᠨ᠎ᠠ᠃ ᠪᠠᠷᠢᠯᠭ᠎ᠠ ᠶᠢ ᠳᠠᠭᠤᠰᠬᠠᠭᠰᠠᠨ ᠤ ᠳᠠᠷᠠᠭ᠎ᠠ᠂ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠭᠤᠭᠤᠵᠢᠭᠳᠠᠭᠰᠠᠨ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ᠂ ᠰᠠᠭᠤᠭᠠᠯᠢ ᠠᠷᠠᠳ ᠤᠨ ᠪᠡᠶᠡᠴᠢᠯᠡᠨ ᠣᠷᠣᠰᠢᠨ ᠰᠠᠭᠤᠬᠤ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号