ᠠᠯᠠᠱᠠ ᠠᠶᠢᠮᠠᠭ ᠪᠤᠯᠤᠨ ᠵᠢᠦᠴᠢᠦᠸᠠᠨ ᠬᠤᠲᠠ ᠬᠠᠮᠲᠤᠷᠠᠨ ᠵᠢᠦᠢ ᠶᠠᠨ ᠤ ᠪᠠᠭᠤᠷᠢ ᠶᠢᠨ ᠳᠡᠯᠡᠬᠡᠢ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 13 — 16 ᠤ ᠡᠳᠦᠷ ᠪᠣᠯᠲᠠᠯ᠎ᠠ᠂ ᠠᠯᠠᠱᠠ ᠠᠶᠢᠮᠠᠭ ᠪᠣᠯᠣᠨ ᠵᠢᠦᠴᠢᠦᠸᠠᠨ ᠬᠤᠳᠠ ᠶᠢᠨ  ᠬᠢᠨ ᠬᠠᠮᠲᠤᠷᠠᠨ ᠵᠢᠦᠢ ᠶᠠᠨ ᠤ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂  ᠬᠠᠷ᠎ᠠ ᠬᠤᠳᠠ᠂ ᠠᠭᠳᠠ ᠶᠢᠨ ᠬᠦᠷᠢᠶ᠎ᠡ᠂ ᠶᠡᠭᠡ ᠲᠦᠷᠪᠡᠯᠵᠢᠨ ᠬᠤᠳᠠ᠂  ᠵᠢᠶᠠᠨ ᠱᠦᠢ ᠶᠢᠨ ᠭᠤᠸᠠᠨ᠂ ᠤᠯᠠᠭᠠᠨ ᠲᠦᠷᠪᠡᠯᠵᠢᠨ᠂ ᠲᠠᠯ᠎ᠠ ᠶᠢᠨ ᠲᠦᠷᠪᠡᠯᠵᠢᠨ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠴᠡᠭ ᠪᠠᠶᠢᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠮᠠᠨ ᠤ ᠬᠤᠰᠢᠭᠤᠨ ᠳᠤ ᠵᠢᠦᠢ ᠶᠠᠨ ᠤ ᠪᠠᠭᠤᠷᠢ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠣᠷᠣᠨ ᠪᠦᠰᠡ ᠠᠯᠤᠰᠯᠠᠭᠰᠠᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃     ᠬᠤᠷᠠᠯ ᠠᠴᠠ ︽ᠵᠢᠦᠢ ᠶᠠᠨ ᠤ ᠪᠠᠭᠤᠷᠢ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠣᠷᠣᠨ ᠪᠦᠰᠡ ᠠᠯᠤᠰᠯᠠᠭᠰᠠᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠲᠥᠰᠥᠯ︾ ᠢ ᠬᠢᠨᠠᠨ  ᠪᠠᠳᠤᠯᠠᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠬᠠᠮᠲᠤᠷᠠᠭᠰᠠᠨ ᠤᠳᠤᠷᠢᠳᠬᠤ ᠳᠤᠭᠤᠶᠢᠯᠠᠩ ᠪᠣᠯᠣᠨ ᠲᠤᠰᠬᠠᠢ ᠠᠵᠢᠯ ᠤᠨ ᠠᠩᠭᠢ ᠶᠢ ᠬᠠᠮᠲᠤᠪᠠᠷ ᠪᠠᠶᠢᠭᠤᠯᠬᠤ ᠪᠠᠷ ᠲᠣᠭᠲᠠᠪᠠ᠃ ᠬᠤᠷᠠᠯ ᠠᠴᠠ ᠪᠠᠰᠠ ᠬᠤᠶᠠᠷ ᠲᠠᠯ᠎ᠠ ᠪᠠᠷ ᠢᠶᠠᠨ ᠵᠢᠦᠢ ᠶᠠᠨ ᠤ ᠪᠠᠭᠤᠷᠢ ᠶᠢᠨ ᠥᠪᠥᠷ ᠮᠣᠩᠭᠤᠯ ᠤᠨ ᠬᠡᠰᠡᠭ ᠤᠨ ᠬᠠᠮᠠᠭᠠᠯᠠᠯᠲᠠ ᠶᠢᠨ ᠶᠡᠷᠦᠩᠬᠡᠢ ᠲᠥᠯᠦᠪᠵᠢᠭᠦᠯᠭᠡ ᠶᠢᠨ ᠰᠠᠭᠤᠷᠢᠨ ᠳᠡᠭᠡᠷ᠎ᠡ᠂ ︽ᠦᠪᠤᠷ ᠮᠣᠩᠭᠤᠯ  ᠬᠢᠬᠡᠳ ᠭᠠᠨᠰᠤ ᠶᠢᠨ ᠵᠢᠦᠢ ᠶᠠᠨ ᠤ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ ᠲᠥᠯᠦᠪᠵᠢᠭᠦᠯᠭᠡ ︵ᠬᠠᠮᠲᠤᠷᠠᠭᠰᠠᠨ ᠬᠡᠪᠯᠡᠯ︶︾ ᠶᠢ ᠳᠠᠷᠤᠢ ᠲᠦᠷᠭᠡᠨ  ᠢᠶᠠᠷ ᠡᠬᠢᠯᠡᠨ ᠨᠠᠶᠢᠷᠠᠭᠤᠯᠤᠨ ᠵᠤᠬᠢᠶᠠᠬᠤ ᠶᠢ ᠵᠦᠪᠯᠡᠪᠡ᠃ ᠮᠦᠨᠴᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠬᠤ᠂ ᠲᠤᠰᠬᠠᠢ ᠮᠡᠷᠭᠡᠵᠢᠯᠲᠡᠨ ᠤ ᠵᠥᠪᠯᠡᠯ ᠪᠠᠶᠢᠭᠤᠯᠬᠤ ᠵᠡᠷᠭᠡ ᠠᠷᠭ᠎ᠠ ᠪᠠᠷ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠮᠵᠢᠯᠴᠠᠨ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠠᠷᠭ᠎ᠠ ᠵᠠᠮ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠳᠤᠷᠠᠳᠤᠨ ᠭᠠᠷᠭᠠᠵᠤ᠂ ᠡᠭᠦᠷᠭᠡ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠎ᠠ︔ ᠬᠤᠶᠠᠷ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠴᠡᠭ ᠪᠠᠶᠢᠷᠢ ᠰᠣᠯᠪᠢᠴᠠᠭᠰᠠᠨ ᠣᠷᠣᠨ ᠪᠦᠰᠡ ᠳᠤ ᠴᠢᠭᠯᠡᠭᠦᠯᠦᠨ᠂ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠬᠠᠮᠲᠤ ᠪᠠᠷ ᠬᠠᠮᠠᠭᠠᠯᠠᠵᠤ ᠠᠰᠢᠭᠯᠠᠨ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠠᠵᠢᠯ ᠤᠨ ᠬᠠᠮᠳᠤ ᠶᠢᠨ ᠬᠦᠴᠦᠨ ᠢ ᠪᠦᠷᠢᠯᠳᠦᠭᠦᠯᠦᠨ᠎ᠡ︔ ᠠᠯᠠᠱᠠ ᠠᠶᠢᠮᠠᠭ ᠪᠣᠯᠣᠨ ᠵᠢᠦᠴᠢᠦᠸᠠᠨ ᠬᠤᠳᠠ ᠶᠢᠨ ᠣᠷᠣᠨ ᠪᠦᠰᠡ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ︵ᠮᠤᠵᠢ︶ ᠵᠢᠴᠢ ᠤᠯᠤᠰ ᠤᠨ ᠲᠡᠰ ᠳᠠᠪᠬᠤᠷᠭ᠎ᠠ ᠶᠢᠨ ᠴᠢᠬᠤᠯᠠᠴᠢᠯᠠᠯ ᠪᠣᠯᠣᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠂ ᠵᠢᠦᠢ ᠶᠠᠨ ᠤ ᠪᠠᠭᠤᠷᠢ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ︔ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠣᠬᠢᠬᠤ ᠠᠵᠢᠯ ᠤᠨ ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠵᠤ᠂ ᠴᠢᠬᠤᠯᠠ ᠪᠦᠬᠦᠢ ᠠᠵᠢᠯᠲᠠᠨ᠂ ᠵᠠᠷᠤᠳᠠᠯ ᠪᠠ ᠠᠵᠢᠯᠯᠠᠬᠤ ᠲᠠᠯᠠᠪᠤᠷ ᠭᠠᠵᠠᠷ ᠢ ᠲᠣᠬᠢᠷᠠᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠪᠤᠯᠤᠨ᠎ᠠ︔ ᠵᠢᠦᠢ ᠶᠠᠨ ᠤ ᠪᠠᠭᠤᠷᠢ ᠪᠣᠯ ᠬᠠᠨ ᠤᠯᠤᠰ ᠤᠨ ᠦᠶ᠎ᠡ ᠶᠢᠨ ᠭᠤᠣᠯ ᠤᠨ ᠪᠠᠷᠠᠭᠤᠨ ᠤᠷᠤᠨ ᠤ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠰᠢᠰᠲ᠋ᠧᠮ ᠤᠨ ᠭᠤᠣᠯ ᠦᠯᠡᠳᠡᠭᠳᠡᠯ ᠮᠥᠨ᠂ ᠪᠠᠰᠠ ᠴᠤ ᠲᠣᠷᠭᠠᠨ ᠤ ᠵᠠᠮ ᠤᠨ ᠬᠤᠶᠢᠲᠤ ᠱᠤᠭᠤᠮ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠨᠢᠭᠡ ᠪᠠᠶᠢᠵᠤ᠂ ᠳᠤᠮᠳᠠᠳᠤ ᠤᠯᠤᠰ ᠤᠨ ᠡᠷᠲᠡᠨ ᠤ ᠤᠯᠤᠰ ᠲᠦᠷᠦ᠂ ᠴᠡᠷᠢᠭ ᠤᠨ ᠶᠠᠪᠤᠳᠠᠯ᠂ ᠠᠵᠤ ᠠᠬᠤᠢ ᠶᠢ ᠰᠤᠳᠤᠯᠬᠤ ᠴᠢᠬᠤᠯᠠ ᠪᠣᠳᠠᠲᠤ ᠭᠡᠷᠡᠴᠢ ᠪᠤᠯᠤᠨ᠎ᠠ᠂ ᠨᠡᠩ ᠴᠤ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ ᠤᠨ ᠦᠨᠡᠲᠦ ᠡᠷᠳᠡᠨᠢ ᠪᠤᠯᠬᠤ ᠶᠤᠮ᠃ ᠪᠠᠭᠤᠷᠢ ᠨᠢ ᠦᠪᠤᠷ ᠮᠣᠩᠭᠤᠯ᠂ ᠭᠠᠨᠰᠤ ᠬᠤᠶᠠᠷ ᠮᠤᠵᠢ ᠣᠷᠣᠨ ᠳᠤ ᠲᠠᠷᠬᠠᠵᠤ᠂ ᠤᠮᠠᠷᠠᠰᠢ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤ ᠠᠴᠠ ᠡᠬᠢᠯᠡᠵᠦ᠂ ᠡᠮᠦᠨᠡᠰᠢ ᠪᠠᠨ ᠭᠠᠨᠰᠤ ᠮᠤᠵᠢ ᠶᠢᠨ ᠵᠢᠦᠴᠢᠦᠸᠠᠨ ᠬᠤᠲᠠ ᠶᠢᠨ ᠵᠢᠨᠲ᠋ᠠ ᠰᠢᠶᠠᠨ ᠳᠤ ᠬᠦᠷᠴᠦ᠂ ᠬᠠᠷ᠎ᠠ ᠭᠤᠣᠯ ᠤᠨ ᠰᠠᠪᠠ ᠭᠠᠵᠠᠷ ᠢ ᠳᠠᠭᠠᠵᠤ ᠪᠦᠰᠡᠯᠢᠭ ᠬᠡᠯᠪᠡᠷᠢ ᠪᠠᠷ ᠲᠠᠷᠬᠠᠨ᠂ ᠪᠥᠬᠦ ᠣᠷᠳᠣ ᠨᠢ 300 ᠭᠠᠷᠤᠢ ᠺᠢᠯᠣᠮᠧᠲᠷ ᠪᠠᠶᠢᠵᠤ᠂ ᠣᠳᠣᠬᠠᠨ ᠳᠤ ᠴᠣᠨᠵᠢ᠂ ᠬᠠᠯᠬᠠᠪᠴᠢ ᠬᠡᠷᠡᠮ᠂ ᠬᠤᠲᠠ ᠶᠢᠨ ᠪᠠᠭᠤᠷᠢ ᠵᠡᠷᠭᠡ 370 ᠭᠠᠷᠤᠢ ᠦᠯᠡᠳᠡᠭᠳᠡᠯ ᠲᠠᠢ ᠭᠠᠵᠠᠷ ᠢ ᠢᠯᠡᠷᠡᠭᠦᠯᠦᠭᠰᠡᠨ ᠪᠠᠶᠢᠨ᠎ᠠ᠃ 2024 ᠣᠨ ᠤ 12 ᠰᠠᠷ᠎ᠠ ᠳᠤ᠂ ᠵᠢᠦᠢ ᠶᠠᠨ ᠤ ᠪᠠᠭᠤᠷᠢ ᠶᠢᠨ ᠥᠪᠥᠷ ᠮᠣᠩᠭᠤᠯ ᠤᠨ ᠬᠡᠰᠡᠭ ᠪᠠ ᠭᠠᠨᠰᠤ ᠶᠢᠨ ᠬᠡᠰᠡᠭ ᠨᠢ ᠲᠣᠰ ᠲᠣᠰ ︽ᠳᠤᠮᠳᠠᠳᠤ ᠤᠯᠤᠰ ᠤᠨ ᠳᠡᠯᠡᠬᠡᠢ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ︾ ᠲᠤ  ᠰᠤᠩᠭᠤᠭᠳᠠᠵᠡᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号