ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠣᠯᠠᠨ ᠨᠡᠶᠢᠲᠡ ᠳᠤ ᠸᠠᠭᠠᠷ ᠤᠨ | ᠤᠷᠠᠯᠢᠭ ᠤᠨ ᠷᠢᠳᠢ ᠰᠢᠳᠢ ᠶᠢ ᠮᠡᠳᠡᠷᠡᠭᠦᠯᠬᠦ ᠶᠢᠨ ᠲᠤᠰᠠᠳᠠ᠂ 5 ᠰᠠᠷ᠎ᠠ ᠶᠢᠨ 18 ᠤ ᠡᠳᠦᠷ᠂ 49 ᠳ᠋ᠦ᠋ᠭᠡᠷ ᠣᠯᠠᠨ | ᠤᠯᠤᠰ ᠤᠨ ᠮᠦᠽᠧᠢ ᠶᠢᠨ ᠡᠳᠦᠷ ᠲᠤ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠨᠢ | ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠲᠠᠢ ᠬᠠᠮᠲᠤᠷᠠᠨ ᠣᠯᠠᠨ | ᠤᠯᠤᠰ ᠤᠨ ᠮᠦᠽᠧᠢ ᠶᠢᠨ ᠡᠳᠤᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠢ ᠣᠯᠠᠨ | ᠬᠡᠦᠬᠡᠳ ᠵᠢᠴᠢ ᠭᠡᠷ ᠤᠨ ᠠᠬᠠᠮᠠᠳ ᠤᠨ ᠠᠩᠬᠠᠷᠤᠯ ᠢ ᠲᠠᠲᠠᠵᠠᠢ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠲᠠᠶᠢᠯᠪᠤᠷᠢᠯᠠᠭᠴᠢ ᠠᠮᠢᠳᠤᠯᠢᠭ ᠦᠭᠡ ᠬᠡᠯᠡ ᠪᠠᠷ ᠵᠢᠦᠢ ᠶᠠᠨ | ᠣᠷᠣᠨ ᠤ ᠲᠡᠦᠬᠡ ᠰᠣᠶᠣᠯ ᠢ ᠶᠠᠷᠢᠵᠤ᠂ ᠪᠢᠴᠢᠬᠠᠨ ᠨᠠᠶᠢᠵᠠ ᠨᠠᠷ ᠲᠤ ᠵᠢᠦᠢ ᠶᠠᠨ ᠤ ᠲᠡᠦᠬᠡ ᠶᠢᠨ ᠲᠤᠬᠠᠢ ᠨᠡᠩ | ᠭᠦᠨᠵᠡᠭᠡᠢ ᠲᠠᠨᠢᠯᠲᠠ ᠲᠠᠢ ᠪᠣᠯᠭᠠᠵᠠᠢ᠃ ᠪᠢᠴᠢᠬᠠᠨ ᠨᠠᠶᠢᠵᠠ ᠨᠠᠷ ᠪᠠᠰᠠ ᠥᠩᠭᠡᠲᠦ ᠸᠠᠭᠠᠷ ᠤᠨ ᠬᠠᠮᠢᠶ᠎ᠠ ᠪᠦᠬᠦᠢ | ᠮᠡᠳᠡᠯᠭᠡ ᠶᠢ ᠰᠤᠷᠤᠯᠴᠠᠵᠤ᠂ ᠡᠷᠲᠡᠨ ᠤ ᠬᠥᠮᠥᠰ ᠤᠨ ᠤᠷᠠᠯᠢᠭ ᠤᠨ ᠡᠭᠦᠳᠦᠨ ᠪᠦᠲᠦᠭᠡᠬᠦ ᠴᠢᠳᠠᠪᠤᠷᠢ ᠶᠢ | ᠣᠶᠢᠯᠠᠭᠠᠪᠠ᠃ ᠳᠠᠷᠠᠭ᠎ᠠ ᠪᠠᠷ ᠨᠢ᠂ ᠭᠠᠷ ᠢᠶᠠᠷ ᠥᠩᠭᠡᠲᠦ ᠸᠠᠭᠠᠷ ᠵᠢᠷᠤᠬᠤ ᠪᠠ ᠪᠣᠳᠠᠰ ᠤᠨ ᠪᠤᠰᠤ ᠰᠣᠶᠣᠯ ᠤᠨ | ᠥᠪ ᠤᠨ ᠥᠩᠭᠡᠲᠦ ᠸᠠᠭᠠᠷ ᠬᠢᠬᠦ ᠭᠤᠶᠢᠳᠠ ᠰᠠᠶᠢᠬᠠᠨ ᠰᠣᠨᠢᠷᠬᠠᠯ ᠲᠠᠢ ᠠᠵᠢᠯᠯᠭ᠎ᠠ ᠶᠢ ᠶᠠᠪᠤᠭᠳᠠᠭᠤᠯᠤᠭᠰᠠᠨ | ᠪᠠᠶᠢᠨ᠎ᠠ᠃ ᠵᠤᠬᠢᠶᠠᠨ ᠪᠦᠳᠦᠭᠡᠭᠦ ᠶᠠᠪᠤᠴᠠ ᠳᠤ᠂ ᠪᠢᠴᠢᠬᠠᠨ ᠨᠠᠶᠢᠵᠠ ᠨᠠᠷ ᠮᠠᠨᠢ ᠰᠡᠳᠬᠢᠯ ᠰᠠᠨᠠᠭ᠎ᠠ ᠪᠠᠨ | ᠲᠦᠪᠯᠡᠷᠡᠬᠦᠯᠦᠨ᠂ ᠪᠠᠭᠰᠢ ᠶᠢᠨ ᠨᠠᠷᠢᠨ ᠨᠢᠮᠪᠡᠢ ᠵᠢᠭᠠᠨ ᠵᠢᠯᠤᠭᠤᠳᠤᠯᠭ᠎ᠠ ᠲᠤᠤᠷ᠎ᠠ ᠭᠤᠶᠢᠳᠠ ᠰᠠᠶᠢᠬᠠᠨ ᠤᠷᠠᠨ | ᠪᠦᠳᠦᠭᠡᠯ ᠢᠶᠠᠨ ᠬᠢᠵᠤ ᠲᠠᠭᠤᠰᠬᠠᠨ᠂ ᠡᠭᠦᠪᠡᠷ ᠲᠠᠮᠵᠢᠨ ᠦᠩᠭᠡᠳᠤ ᠸᠠᠭᠠᠷ ᠤᠨ ᠦᠪᠡᠷᠮᠢᠴᠡ ᠷᠢᠳᠢ ᠰᠢᠳᠢ | ᠮᠡᠳᠡᠷᠡᠵᠡᠢ᠃ |