5 ᠰᠠᠷ᠎ᠠ ᠶᠢᠨ 18 ᠤ ᠡᠳᠦᠷ᠂ ︽5.18 ᠣᠯᠠᠨ ᠤᠯᠤᠰ ᠤᠨ ᠮᠦᠽᠧᠶ ᠶᠢᠨ ᠡᠳᠦᠷ︾᠂ ︽5.19 | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠡᠵᠡᠨ᠎ᠡ ᠬᠤᠰᠢᠭᠤᠨ ᠤ ᠭᠤᠣᠯ ᠰᠡᠳᠦᠪᠲᠦ ᠠᠵᠢᠯᠯᠠᠭ᠎ᠠ | ᠵᠢᠴᠢ 2025 ᠣᠨ ᠤ ᠵᠤᠨ ᠤ ᠣᠯᠠᠷᠢᠯ ᠤᠨ ᠠᠭᠤᠳᠠᠮ ᠲᠠᠯᠠᠪᠠᠶ ᠶᠢᠨ ᠰᠣᠶᠣᠯ ᠤᠨ ᠰᠢᠷᠢᠰ ᠠᠵᠢᠯᠯᠠᠭ᠎ᠠ ᠶᠢᠨ | ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠵᠢᠦᠢ ᠶᠠᠨ ᠤ ᠰᠣᠶᠣᠯ ᠤᠨ ᠳᠠᠭᠤᠤ ᠬᠦᠭᠵᠢᠮ ᠤᠨ | ᠲᠠᠯᠠᠪᠠᠶ ᠳᠤ ᠶᠠᠪᠣᠭᠳᠠᠵᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠ ᠰᠣᠶᠣᠯ ᠵᠢᠭᠤᠯᠴᠢᠯᠠᠯ ᠤᠨ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠪᠠ ᠵᠤᠭᠠᠴᠠᠭᠰᠠᠳ ᠤᠨ | ᠠᠩᠬᠠᠷᠤᠯ ᠢ ᠲᠠᠲᠠᠵᠠᠶ᠃ | ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠣᠮᠣ ᠵᠢᠭᠤᠯᠴᠢᠯᠠᠯ ᠤᠨ ᠦᠵᠡᠮᠵᠢ ᠶᠢᠨ ᠣᠷᠣᠨ ᠤ | ᠤᠬᠠᠭᠤᠯᠭ᠎ᠠ ᠶᠢᠨ ᠲᠣᠭᠤᠷᠢᠭ ᠢ ᠭᠠᠷᠭᠠᠵᠤ᠂ ᠰᠠᠭᠤᠭᠠᠯᠢ ᠠᠷᠠᠳ ᠲᠤ ᠡᠯ᠎ᠡ ᠲᠥᠷᠥᠯ ᠤᠨ ᠤᠬᠠᠭᠤᠯᠭ᠎ᠠ ᠶᠢᠨ | ᠳᠡᠪᠲᠡᠷ ᠵᠢᠴᠢ ᠬᠠᠷᠠᠭᠠᠯᠵᠠᠯ ᠤᠨ ᠠᠵᠢᠯᠯᠠᠭ᠎ᠠ ᠬᠦᠷᠭᠡᠪᠡ᠃ ᠦᠳᠡᠰᠢᠯᠡᠭᠡ ᠶᠢᠨ ᠠᠬᠤᠶ ᠲᠠᠯᠠᠪᠠᠶ ᠳᠤ ᠮᠠᠰᠢ ᠤᠯᠠᠨ | ᠬᠦᠮᠦᠨ ᠬᠤᠷᠠᠨ ᠴᠤᠭᠯᠠᠷᠠᠵᠤ᠂ ᠬᠠᠮᠳᠣ ᠶᠢᠨ ᠪᠥᠵᠢᠭ᠂ ᠭᠤᠴᠣᠯᠠᠯ ᠳᠠᠭᠤᠣ᠂ ᠨᠠᠶᠢᠷᠠᠯ ᠬᠥᠭᠵᠢᠮ ᠵᠡᠷᠭᠡ | ᠳᠤᠭᠯᠠᠯᠳᠠ ᠤᠳ ᠢ ᠠᠷᠤ ᠠᠷᠤ ᠠᠴᠠ ᠪᠠᠨ ᠲᠣᠭᠯᠠᠵᠤ᠂ ᠬᠦᠮᠦᠰ ᠤᠨ ᠬᠠᠷᠠᠭ᠎ᠠ ᠶᠢ ᠪᠠᠶᠠᠰᠬᠠᠨ᠂ ᠤᠷᠮ᠎ᠠ ᠶᠢ | ᠬᠦᠭᠵᠢᠶᠡᠨᠡ᠃ | ᠲᠣᠰ ᠤᠳᠠᠭᠠᠨ ᠤ ᠠᠵᠢᠯᠯᠠᠭ᠎ᠠ ᠨᠢ ︽ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾ ᠪᠠᠷ ᠭᠤᠤᠯ ᠰᠢᠵᠢᠮ | ᠪᠣᠯᠭᠠᠵᠤ᠂ ︽ᠤᠷᠠᠨ ᠰᠠᠶᠢᠬᠠᠨ ᠤ ᠦᠵᠡᠭᠦᠯᠦᠯᠭᠡ + ᠠᠮᠲᠠᠲᠤ ᠢᠳᠡᠭᠡᠨ ᠢ ᠴᠣᠯᠭᠤᠷᠠᠭᠤᠯᠬᠤ + ᠵᠢᠭᠤᠯᠴᠢᠯᠠᠯ ᠤᠨ | ᠲᠠᠨᠢᠯᠴᠠᠭᠤᠯᠭ᠎ᠠ ᠬᠢᠬᠦ︾ ᠪᠣᠰᠤᠭ᠎ᠠ ᠴᠣᠭᠴᠠᠲᠤ ᠢᠯᠡᠷᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠣᠶᠣᠯ ᠬᠢᠭᠡᠳ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠣᠯᠠᠨ ᠲᠦᠮᠡᠨ ᠪᠠ ᠵᠢᠭᠤᠯᠴᠢᠯᠠᠭᠴᠢᠳ ᠲᠤ ᠰᠣᠶᠣᠯ | ᠵᠢᠭᠤᠯᠴᠢᠯᠠᠯ ᠤᠨ ᠬᠥᠭᠵᠢᠯᠲᠡ ᠠᠴᠠ ᠪᠣᠯᠤᠭᠰᠠᠨ ᠬᠦᠷᠲᠡᠮᠵᠢ ᠶᠢᠨ ᠲᠥᠷᠥᠭᠳᠡᠯ ᠢ ᠮᠡᠳᠡᠷᠡᠭᠦᠯᠦᠭᠰᠡᠨ ᠢᠶᠠᠷ ᠪᠠᠷᠠᠬᠤ | ᠥᠬᠡᠶ ᠪᠠᠰᠠ ᠤᠳᠠᠯ ᠥᠬᠡᠶ ᠥᠷᠨᠢᠭᠦᠯᠬᠦ ᠪᠠᠷ ᠪᠠᠶᠢᠭ᠎ᠠ ᠵᠤᠨ ᠤ ᠣᠯᠠᠷᠢᠯ ᠤᠨ ᠠᠭᠤᠳᠠᠮ ᠲᠠᠯᠠᠪᠠᠶ ᠶᠢᠨ ᠰᠣᠶᠣᠯ ᠤᠨ | ᠠᠵᠢᠯᠯᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ |