ᠨᠢᠭᠡ᠂ ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠤᠨ ᠲᠦᠢᠮᠣᠴᠢᠯᠠᠯ | ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠪᠣᠯ ᠰᠠᠭᠠᠯᠢ ᠶᠢᠨ ᠦᠨᠢᠶᠡᠨ ᠤ ᠪᠠᠶᠢᠩᠭᠤ ᠲᠣᠬᠢᠶᠠᠯᠳᠤᠳᠠᠭ | ᠡᠪᠡᠳᠴᠢᠨ ᠮᠥᠨ᠂ ᠲᠡᠷᠡ ᠨᠢ ᠰᠠᠭᠠᠯᠢ ᠶᠢᠨ ᠦᠨᠢᠶᠡᠨ ᠤ ᠡᠷᠡᠭᠦᠯ ᠮᠡᠨᠳᠦ ᠪᠠ ᠰᠦᠨ ᠤ ᠶᠠᠰᠤ ᠴᠢᠨᠠᠷ ᠢ ᠬᠦᠨᠳᠦ | ᠨᠣᠴᠢᠲᠠᠢ ᠨᠥᠯᠥᠭᠡᠯᠡᠵᠦ᠂ ᠣᠯᠠᠩᠬᠢ ᠳᠠᠭᠠᠨ ᠮᠧᠬᠠᠨᠢᠭ ᠤᠨ ᠴᠢᠨᠠᠷᠲᠠᠢ ᠰᠡᠳᠦᠯᠲᠡ᠂ ᠡᠪᠡᠳᠴᠢᠨ ᠡᠭᠦᠰᠬᠡᠭᠴᠢ | ᠮᠢᠺᠷᠣᠪ ᠲᠤ ᠨᠠᠪᠴᠢᠨ ᠣᠷᠣᠭᠰᠠᠨ ᠵᠢᠴᠢ ᠬᠢᠮᠢ ᠹᠢᠽᠢᠺ ᠤᠨ ᠴᠢᠨᠠᠷᠲᠠᠢ ᠭᠡᠮᠲᠦᠯ ᠠᠴᠠ ᠪᠣᠯᠤᠭᠰᠠᠨ ᠶᠤᠮ᠂ | ᠵᠢᠱᠢᠶᠡᠯᠡᠪᠡᠯ ᠵᠣᠬᠢᠰ ᠦᠭᠡᠢ ᠰᠠᠭᠠᠬᠤ᠂ ᠡᠷᠡᠭᠦᠯ ᠬᠠᠮᠠᠭᠠᠯᠠᠯ ᠤᠨ ᠨᠥᠬᠦᠴᠡᠯ ᠢᠶᠠᠷ ᠠᠨᠠᠢ᠂ ᠪᠠᠺᠲ᠋ᠧᠷᠢ ᠶᠢᠨ | ᠬᠠᠯᠳᠠᠪᠤᠷᠢᠯᠠᠯ ᠵᠡᠷᠭᠡ᠃ ᠭᠤᠣᠯ ᠰᠢᠨᠵᠢ ᠲᠡᠮᠳᠡᠭ ᠲᠤ ᠳᠡᠯᠡᠩ ᠨᠢ ᠤᠯᠠᠶᠢᠵᠤ ᠬᠠᠪᠤᠳᠴᠤ ᠬᠠᠯᠠᠭᠤᠷᠠᠵᠤ ᠡᠪᠡᠳᠬᠦ᠂ | ᠰᠦ ᠬᠡᠪ ᠤᠨ ᠪᠤᠰᠤ ᠪᠣᠯᠬᠤ ᠪᠠ ᠭᠠᠷᠤᠯᠲᠠ ᠪᠠᠭᠤᠷᠠᠬᠤ ᠵᠡᠷᠭᠡ ᠪᠠᠭᠲᠠᠨ᠎ᠠ᠂ ᠡᠪᠡᠳᠴᠢᠯᠡᠪᠡᠯ ᠴᠠᠭ ᠲᠤᠬᠠᠢ ᠳᠤᠨᠢ | ᠡᠮᠨᠡᠨ ᠵᠠᠰᠠᠵᠤ᠂ ᠡᠪᠡᠳᠴᠢᠨ ᠬᠦᠨᠳᠦᠷᠡᠬᠦ ᠠᠴᠠ ᠵᠠᠶᠢᠯᠠᠰᠬᠢᠬᠦ ᠬᠡᠷᠡᠭᠲᠡᠢ᠃ ᠳᠡᠯᠡᠩ ᠤᠨ ᠦᠷᠪᠢᠰᠦᠯ ᠢ | ᠰᠡᠷᠭᠡᠶᠢᠯᠡᠬᠦ ᠳᠤ ᠠᠷᠠᠴᠢᠯᠠᠵᠤ ᠳᠣᠳᠣᠮᠳᠠᠬᠤ ᠶᠢ ᠰᠠᠶᠢᠵᠢᠷᠠᠭᠤᠯᠬᠤ᠂ ᠰᠦ ᠰᠠᠭᠠᠬᠤ ᠠᠷᠢᠭᠤᠨ ᠴᠡᠪᠡᠷ ᠢ | ᠴᠢᠩᠭᠠᠳᠬᠠᠬᠤ ᠵᠡᠷᠭᠡ ᠣᠯᠠᠨ ᠲᠠᠯ᠎ᠠ ᠠᠴᠠ ᠭᠠᠷᠳᠠᠨ᠎ᠠ᠃ ᠰᠠᠭᠠᠯᠢ ᠶᠢᠨ ᠦᠨᠢᠶᠡᠨ ᠤ ᠳᠡᠯᠡᠩ ᠤᠨ ᠡᠷᠡᠭᠦᠯ ᠮᠡᠨᠳᠦ ᠶᠢ | ᠪᠠᠲᠤᠯᠠᠬᠤ ᠨᠢ ᠰᠠᠭᠠᠯᠢ ᠶᠢᠨ ᠦᠨᠢᠶᠡᠨ ᠤ ᠰᠦ ᠭᠠᠷᠬᠤ ᠴᠢᠳᠠᠪᠤᠷᠢ ᠶᠢ ᠳᠡᠭᠡᠭᠰᠢᠯᠡᠭᠦᠯᠬᠦ᠂ ᠦᠨᠢᠶᠡᠨ ᠰᠦ ᠶᠢᠨ ᠶᠠᠰᠤ | ᠴᠢᠨᠠᠷ ᠪᠣᠯᠣᠨ ᠰᠠᠭᠠᠯᠢ ᠶᠢᠨ ᠦᠨᠢᠶᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠶᠠᠷ᠂ ᠡᠮᠴᠢᠯᠡᠭᠡᠨ ᠤ ᠭᠤᠣᠯ ᠰᠢᠨᠵᠢ ᠲᠡᠮᠳᠡᠭ | ᠳᠡᠯᠡᠩ ᠤᠨ ᠭᠠᠳᠠᠷ ᠪᠠᠶᠢᠳᠠᠯ ᠤᠨ ᠬᠤᠪᠢᠷᠠᠯᠲᠠ᠄ ᠡᠪᠡᠳᠴᠢᠯᠡᠭᠰᠡᠨ ᠰᠠᠭᠠᠯᠢ ᠶᠢᠨ ᠦᠨᠢᠶᠡᠨ ᠤ ᠳᠡᠯᠡᠩ ᠨᠢ | ᠬᠠᠪᠤᠳᠴᠤ᠂ ᠠᠷᠠᠰᠤ ᠨᠢ ᠤᠯᠠᠶᠢᠳᠠᠭ᠃ ᠲᠡᠮᠲᠡᠷᠢᠬᠦ ᠦᠶ᠎ᠡ ᠳᠤ ᠳᠡᠯᠡᠩ ᠨᠢ ᠬᠠᠯᠠᠭᠤ ᠣᠷᠭᠢᠵᠤ᠂ ᠰᠠᠭᠠᠯᠢ ᠶᠢᠨ | ᠦᠨᠢᠶ᠎ᠡ ᠡᠪᠡᠳᠦᠭᠡᠳ ᠪᠠᠶᠢᠴᠠᠭᠠᠯᠲᠠ ᠠᠴᠠ ᠵᠠᠶᠢᠯᠠᠳᠠᠭ᠃ | ᠰᠦᠨ ᠤ ᠴᠢᠨᠠᠷ ᠤᠨ ᠬᠤᠪᠢᠷᠠᠯᠲᠠ᠄ ᠰᠦ ᠨᠢ ᠰᠢᠩᠭᠡᠷᠡᠵᠦ᠂ ᠰᠦᠨ ᠤ ᠳᠣᠲᠣᠷ᠎ᠠ ᠤᠩᠭᠠᠷᠢᠯ ᠪᠤᠶᠤ ᠡᠭᠡᠳᠡᠭᠰᠡᠨ | ᠬᠡᠰᠡᠭ ᠭᠠᠷᠴᠤ ᠮᠡᠳᠡᠨ᠎ᠡ᠃ ᠬᠦᠨᠳᠦ ᠨᠣᠴᠢᠲᠠᠢ ᠦᠶ᠎ᠡ ᠳᠤ ᠰᠦᠨ ᠤ ᠴᠢᠨᠠᠷ ᠨᠢ ᠬᠤᠪᠢᠷᠠᠵᠤ᠂ ᠰᠦᠨ ᠤ | ᠭᠠᠷᠤᠯᠲᠠ ᠨᠢ ᠳᠣᠷᠣᠭᠰᠢᠯᠠᠵᠤ᠂ ᠮᠢᠬᠠᠨ ᠨᠢᠳᠦ ᠪᠠᠷ ᠰᠦᠨ ᠤ ᠳᠣᠲᠣᠷᠠᠬᠢ ᠤᠩᠭᠠᠷᠢᠯ ᠬᠡᠯᠪᠡᠷᠢᠲᠦ ᠴᠢᠰᠤᠨ ᠰᠢᠷᠬᠡᠭ | ᠪᠠᠶᠢᠬᠤ ᠶᠢ ᠣᠯᠵᠤ ᠬᠠᠷᠠᠳᠠᠭ᠃ | ᠪᠦᠬᠦ ᠪᠡᠶ᠎ᠡ ᠶᠢᠨ ᠡᠪᠡᠳᠴᠢᠨ ᠤ ᠰᠢᠨᠵᠢ᠄ ᠡᠪᠡᠳᠴᠢᠯᠡᠭᠰᠡᠨ ᠰᠠᠭᠠᠯᠢ ᠶᠢᠨ ᠦᠨᠢᠶ᠎ᠡ ᠨᠢ ᠢᠳᠡᠭᠡᠨ ᠤ ᠳᠤᠷᠠᠰᠢᠯ | ᠮᠠᠭᠤᠳᠠᠬᠤ᠂ ᠬᠥᠳᠡᠯᠬᠦ ᠨᠢ ᠠᠷᠪᠢᠳᠬᠤ᠂ ᠪᠡᠶ᠎ᠡ ᠶᠢᠨ ᠳᠤᠯᠠᠭᠠᠨ ᠳᠡᠭᠡᠭᠰᠢᠯᠡᠬᠦ᠂ ᠵᠢᠷᠦᠬᠡᠨ ᠴᠣᠬᠢᠯᠭ᠎ᠠ ᠲᠦᠷᠭᠡᠰᠬᠦ | ᠵᠡᠷᠭᠡ ᠡᠪᠡᠳᠴᠢᠨ ᠤ ᠰᠢᠨᠵᠢ ᠲᠠᠢ ᠪᠠᠶᠢᠵᠤ ᠮᠡᠳᠡᠨ᠎ᠡ᠃ | ᠭᠤᠷᠪᠠ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ | ︵ᠨᠢᠭᠡ︶ ᠰᠠᠭᠠᠯᠢ ᠶᠢᠨ ᠦᠨᠢᠶᠡᠨ ᠤ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | 1. ᠰᠠᠭᠠᠯᠢ ᠶᠢᠨ ᠦᠨᠢᠶ᠎ᠡ ᠶᠢᠨ ᠤᠤᠭᠤᠬᠤ ᠤᠰᠤ ᠪᠣᠯᠣᠨ ᠲᠡᠵᠢᠭᠡᠯ ᠪᠣᠷᠳᠤᠭ᠎ᠠ ᠶᠢᠨ ᠠᠷᠢᠭᠤᠨ ᠴᠡᠪᠡᠷ ᠢ | ᠪᠠᠲᠤᠯᠠᠨ᠂ ᠰᠢᠮ᠎ᠡ ᠲᠡᠵᠢᠭᠡᠯ ᠭᠦᠢᠴᠡᠳ ᠬᠠᠩᠭᠠᠵᠤ᠂ ᠰᠠᠭᠠᠯᠢ ᠶᠢᠨ ᠦᠨᠢᠶ᠎ᠡ ᠶᠢᠨ ᠪᠠᠺᠲ᠋ᠧᠷᠢ ᠡᠰᠡᠷᠭᠦᠴᠡᠬᠦ ᠴᠢᠳᠠᠯ ᠢ | ᠨᠡᠮᠡᠭᠳᠡᠭᠦᠯᠬᠦ ᠬᠡᠷᠡᠭᠲᠡᠢ᠃ 2. ᠠᠮᠢᠳᠤᠷᠠᠯ ᠤᠨ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠵᠤ᠂ ᠦᠬᠡᠷ ᠤᠨ | ᠬᠠᠰᠢᠶ᠎ᠠ ᠪᠠᠨ ᠬᠠᠭᠤᠷᠠᠢ ᠪᠠᠶᠢᠯᠭᠠᠵᠤ᠂ ᠰᠠᠯᠬᠢ ᠨᠠᠪᠲᠠᠷᠡᠭᠦᠯᠵᠦ᠂ ᠪᠣᠬᠢᠷᠲᠤᠯ ᠪᠠ ᠪᠠᠺᠲ᠋ᠧᠷᠢ ᠡᠭᠦᠰᠬᠦ ᠠᠴᠠ | ᠵᠠᠶᠢᠯᠠᠰᠬᠢᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠳᠡᠪᠢᠰᠬᠡᠷ ᠶᠢ ᠨᠢ ᠰᠣᠯᠢᠵᠤ᠂ ᠪᠠᠭᠠᠰᠤ ᠶᠢ ᠨᠢ ᠴᠠᠭ | ᠲᠤᠬᠠᠢ ᠳᠤᠨᠢ ᠴᠡᠪᠡᠷᠯᠡᠵᠦ ᠴᠡᠪᠡᠷ ᠬᠠᠭᠤᠷᠠᠢ ᠪᠠᠶᠢᠬᠤ ᠶᠢ ᠪᠠᠲᠤᠯᠠᠬᠤ ᠬᠡᠷᠡᠭᠲᠡᠢ᠃ 3. ᠰᠠᠭᠠᠯᠢ ᠶᠢᠨ ᠦᠨᠢᠶᠡᠨ ᠤ ᠰᠦ | ᠰᠢᠭᠦᠷᠡᠭᠦᠯᠬᠦ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠠᠩᠬᠠᠷᠬᠤ ᠬᠡᠷᠡᠭᠲᠡᠢ᠃ ᠲᠤᠭᠤᠯᠯᠠᠬᠤ ᠠᠴᠠ | ᠡᠮᠦᠨ᠎ᠡ ᠰᠦ ᠶᠢ ᠨᠢ ᠵᠣᠬᠢᠰᠲᠠᠢ ᠬᠠᠭᠰᠠᠭᠠᠵᠤ᠂ ᠰᠦ ᠶᠢᠨ ᠬᠤᠷᠠᠬᠤ ᠶᠢ ᠪᠠᠭᠠᠰᠬᠠᠬᠤ ᠬᠡᠷᠡᠭᠲᠡᠢ᠃ ᠲᠤᠭᠤᠯᠯᠠᠭᠰᠠᠨ ᠤ | ᠳᠠᠷᠠᠭ᠎ᠠ ᠳᠡᠯᠡᠩ ᠪᠠ ᠪᠦᠬᠦ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ ᠨᠢᠭᠲᠠ ᠠᠵᠢᠭᠯᠠᠵᠤ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠲᠡᠵᠢᠭᠡᠯ ᠪᠣᠷᠳᠤᠭ᠎ᠠ ᠶᠢ ᠵᠦᠢ ᠵᠣᠬᠢᠰᠲᠠᠢ ᠪᠠᠷ | ᠨᠠᠶᠢᠷᠠᠭᠤᠯᠵᠤ᠂ ᠨᠠᠷᠢᠯᠢᠭ ᠲᠡᠵᠢᠭᠡᠯ ᠪᠣᠷᠳᠤᠭ᠎ᠠ ᠶᠢ ᠬᠡᠳᠦ ᠠᠷᠪᠢᠨ ᠪᠣᠯᠭᠠᠭᠰᠠᠨ ᠠᠴᠠ ᠰᠦ ᠰᠢᠭᠦᠷᠡᠭᠦᠯᠬᠦ ᠳᠠᠭᠠᠭᠠᠴᠠ | ᠬᠡᠳᠦ ᠬᠦᠨᠳᠦ ᠪᠣᠯᠬᠤ ᠠᠴᠠ ᠵᠠᠶᠢᠯᠠᠰᠬᠢᠨ᠎ᠡ᠃ ᠰᠠᠭᠠᠯᠢ ᠶᠢᠨ ᠦᠨᠢᠶ᠎ᠡ ᠶᠢᠨ ᠰᠦ ᠰᠢᠷᠭᠢᠬᠦ ᠬᠤᠭᠤᠴᠠᠭᠠᠨ ᠳᠤ | ᠲᠦᠢᠯᠪᠤᠷᠢᠲᠠᠢ ᠰᠢᠷᠭᠢᠭᠡᠵᠦ᠂ ᠳᠡᠯᠡᠩ ᠤᠨ ᠰᠤᠪᠢᠯᠠᠯᠲᠠ ᠪᠠ ᠰᠢᠮ᠎ᠡ ᠲᠡᠵᠢᠭᠡᠯ ᠤᠨ ᠲᠣᠬᠢᠷᠠᠭᠤᠯᠤᠯᠲᠠ ᠶᠢ | ᠠᠩᠬᠠᠷᠴᠤ᠂ ᠳᠠᠷᠠᠭ᠎ᠠ ᠤᠳᠠᠭᠠᠨ ᠤ ᠰᠦ ᠰᠢᠭᠦᠷᠡᠭᠦᠯᠬᠦ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ | ᠬᠡᠷᠡᠭᠲᠡᠢ᠃ 4. ᠰᠦ ᠰᠠᠭᠠᠬᠤ ᠶᠠᠪᠤᠴᠠ ᠶᠢ ᠵᠢᠷᠤᠮᠵᠢᠭᠤᠯᠬᠤ ᠬᠡᠷᠡᠭᠲᠡᠢ᠃ ᠰᠦ ᠰᠠᠭᠠᠬᠤ ᠲᠥᠬᠦᠭᠡᠷᠦᠮᠵᠢ ᠶᠢᠨ | ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ ᠤᠬᠢᠶᠠᠨ ᠴᠡᠪᠡᠷᠯᠡᠵᠦ ᠠᠷᠢᠭᠤᠳᠬᠠᠵᠤ᠂ ᠰᠦ ᠰᠠᠭᠠᠬᠤ ᠶᠠᠪᠤᠴᠠ ᠶᠢᠨ | ᠠᠷᠢᠭᠤᠨ ᠴᠡᠪᠡᠷ ᠠᠮᠤᠷ ᠲᠦᠪᠰᠢᠨ ᠢ ᠪᠠᠲᠤᠯᠠᠨ᠎ᠠ᠃ ᠰᠦ ᠰᠠᠭᠠᠬᠤ ᠴᠠᠭ ᠪᠠ ᠳᠠᠪᠲᠠᠮᠵᠢ ᠶᠢ ᠵᠣᠬᠢᠰᠲᠠᠢ | ᠲᠣᠬᠢᠷᠠᠭᠤᠯᠤᠨ᠎ᠠ᠃ | ︵ᠬᠤᠶᠠᠷ︶ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠢ ᠳᠡᠯᠡᠩ ᠤᠨ | ᠦᠷᠪᠢᠰᠦᠯ ᠤᠨ ᠡᠭᠦᠰᠦᠯᠲᠡ ᠨᠢ ᠣᠯᠠᠨ ᠵᠦᠢᠯ ᠤᠨ ᠪᠠᠺᠲ᠋ᠧᠷᠢ᠂ ᠸᠢᠷᠦ᠋ᠰ ᠵᠡᠷᠭᠡ ᠡᠪᠡᠳᠴᠢᠨ ᠡᠭᠦᠰᠬᠡᠭᠴᠢ | ᠮᠢᠺᠷᠣᠪ ᠤᠨ ᠬᠠᠯᠳᠠᠪᠤᠷᠢᠯᠠᠯ ᠲᠠᠢ ᠬᠤᠯᠪᠣᠭ᠎ᠠ ᠲᠠᠢ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠠᠶᠢᠲᠤᠷ ᠬᠢᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠪᠠ ᠬᠠᠯᠳᠠᠪᠤᠷᠢᠯᠠᠬᠤ ᠵᠠᠮ ᠢ ᠪᠦᠲᠦᠮᠵᠢᠲᠡᠶ ᠪᠠᠷ ᠬᠤᠷᠢᠭᠯᠠᠵᠤ | ᠴᠢᠳᠠᠨ᠎ᠠ᠃ 1. ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠦᠷᠢᠨ ᠲᠡᠭᠦᠯᠳᠡᠷ ᠳᠦᠷᠢᠮ ᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠰᠠᠭᠠᠯᠢ ᠶᠢᠨ ᠦᠨᠢᠶ᠎ᠡ ᠳᠤ ᠳᠡᠯᠡᠩ ᠤᠨ ᠦᠷᠪᠢᠰᠦᠯ ᠤᠨ | ᠡᠪᠡᠳᠴᠢᠨ ᠡᠭᠦᠰᠬᠡᠭᠴᠢ ᠶᠢ ᠰᠢᠭᠰᠢᠨ ᠪᠠᠶᠢᠴᠠᠭᠠᠵᠤ᠂ ᠬᠠᠯᠳᠠᠪᠤᠷᠢᠯᠠᠭᠳᠠᠭᠰᠠᠨ ᠦᠬᠡᠷ ᠢ ᠴᠠᠭ ᠲᠤᠬᠠᠢ ᠳᠤᠨᠢ ᠣᠯᠵᠤ | ᠮᠡᠳᠡᠬᠦ ᠪᠠ ᠲᠤᠰᠠᠭᠠᠷᠯᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠦᠬᠡᠷ ᠤᠨ ᠬᠠᠰᠢᠶ᠎ᠠ ᠪᠠ | ᠰᠦ ᠰᠠᠭᠠᠬᠤ ᠲᠥᠬᠦᠭᠡᠷᠦᠮᠵᠢ ᠶᠢᠨ ᠠᠷᠢᠭᠤᠨ ᠴᠡᠪᠡᠷ ᠢ ᠰᠠᠶᠢᠲᠤᠷ ᠠᠷᠢᠭᠤᠳᠬᠠᠬᠤ ᠬᠡᠷᠡᠭᠲᠡᠢ᠃ 2. ᠦᠬᠡᠷ ᠤᠨ | ᠬᠠᠰᠢᠶ᠎ᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠲᠦᠢᠯᠪᠤᠷᠢᠲᠠᠢ ᠴᠡᠪᠡᠷᠯᠡᠵᠦ ᠠᠷᠢᠭᠤᠳᠬᠠᠨ᠎ᠠ᠂ ᠢᠯᠠᠩᠭᠤᠶ᠎ᠠ | ᠲᠤᠭᠤᠯᠯᠠᠬᠤ ᠬᠠᠰᠢᠶ᠎ᠠ ᠪᠠ ᠡᠪᠡᠳᠴᠢᠨ ᠲᠠᠢ ᠦᠬᠡᠷ ᠤᠨ ᠲᠤᠰᠠᠭᠠᠷᠯᠠᠬᠤ ᠣᠷᠣᠨ ᠵᠡᠷᠭᠡ ᠭᠤᠣᠯᠳᠠᠯᠭ᠎ᠠ ᠲᠠᠢ | ᠭᠠᠵᠠᠷ ᠤᠳ ᠪᠣᠯᠣᠨ᠎ᠠ᠃ 3. ᠸᠠᠺᠼᠢᠨ ᠤ ᠴᠠᠷᠤᠯᠲᠠ ᠵᠡᠷᠭᠡ ᠠᠮᠢᠳᠤ ᠪᠣᠳᠠᠰ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠯᠡᠨ᠎ᠡ᠃ ᠰᠠᠭᠠᠯᠢ ᠶᠢᠨ ᠦᠨᠢᠶ᠎ᠡ ᠶᠢᠨ ᠰᠦᠷᠦᠭ ᠲᠤ ᠠᠮᠠᠷᠬᠠᠨ ᠬᠠᠯᠳᠠᠪᠤᠷᠢᠯᠠᠭᠳᠠᠬᠤ ᠳᠡᠯᠡᠩ ᠤᠨ | ᠦᠷᠪᠢᠰᠦᠯ ᠤᠨ ᠡᠪᠡᠳᠴᠢᠨ ᠡᠭᠦᠰᠬᠡᠭᠴᠢ ᠪᠠᠺᠲ᠋ᠧᠷᠢ ᠶᠢᠨ ᠲᠥᠷᠥᠯ ᠵᠦᠢᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ ᠡᠭᠡᠯᠢᠯᠡᠭᠡ ᠶᠢᠨ ᠲᠠᠰ ᠳᠠᠷᠠᠭᠠᠯᠠᠯ ᠢ ᠲᠣᠭᠲᠠᠭᠠᠵᠤ᠂ ᠸᠠᠺᠼᠢᠨ ᠤ ᠲᠠᠷᠢᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠰᠠᠭᠠᠯᠢ ᠶᠢᠨ ᠦᠨᠢᠶ᠎ᠡ ᠶᠢᠨ ᠣᠷᠭᠠᠨᠢᠭ ᠪᠡᠶ᠎ᠡ ᠶᠢᠨ ᠡᠪᠡᠳᠴᠢᠨ ᠢ | ᠬᠠᠯᠳᠠᠪᠤᠷᠢᠯᠠᠬᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ |