5 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ | ᠬᠤᠰᠢᠭᠤᠨ ᠳᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠡᠵᠡᠩᠨᠡᠯᠲᠡ | ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠬᠤᠸᠠᠩ ᠶᠠ ᠯᠢ ᠳ᠋ᠦᠩ ᠧ ᠧ ᠵᠢᠶᠣᠣ ᠴᠠᠭᠠᠨ ᠭᠤᠶᠣᠣ ᠶᠢᠨ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ | ︵ᠠᠯᠠᠱᠠ︶ ᠤᠨ ᠺᠣᠮᠫᠠᠨᠢ ᠳᠤ ᠬᠦᠷᠴᠦ᠂ ᠴᠠᠭᠠᠨ ᠭᠤᠶᠣᠣ ᠶᠢᠨ ᠦᠵᠡᠬᠦᠯᠬᠡ ᠶᠢᠨ ᠣᠷᠳᠣᠨ ᠤ ᠳᠡᠯᠬᠡᠨ ᠦᠵᠡᠭᠦᠯᠭᠡ | ᠪᠠ ᠰᠣᠶᠣᠯ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠴᠠᠭᠠᠨ ᠭᠤᠶᠣᠣ ᠶᠢᠨ ᠪᠦᠲᠦᠭᠡᠭᠳᠡᠬᠦᠨ ᠢ | ᠰᠤᠳᠤᠯᠤᠨ ᠨᠡᠭᠡᠭᠡᠬᠦ᠂ ᠤᠬᠠᠭᠤᠯᠬᠤ ᠡᠵᠡᠩᠨᠡᠨ ᠪᠣᠷᠣᠯᠠᠭᠤᠯᠬᠤ ᠵᠢᠴᠢ ᠠᠵᠤ ᠠᠬᠤᠶᠢᠯᠠᠯ ᠤᠨ ᠠᠵᠢᠯᠯᠠᠭᠠᠨ ᠤ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠭᠤᠶᠣᠣ ᠨᠢ ︽ᠶᠢᠰᠦᠨ ᠶᠡᠭᠡ ᠠᠷᠰᠢ ᠶᠢᠨ ᠡᠪᠡᠰᠦ︾ ᠶᠢᠨ | ᠨᠢᠭᠡ ᠪᠦᠬᠡᠳ ᠭᠤᠪᠢ ᠶᠢᠨ ᠴᠠᠭᠠᠨ ᠭᠤᠶᠣᠣ ᠶᠢ ︽ᠡᠯᠡᠰᠦ ᠮᠠᠩᠬᠠᠨ ᠤ ᠣᠷᠬᠤᠳᠠᠢ︾ ᠭᠡᠳᠡᠭ ᠲᠤᠯᠠ ᠨᠡᠭᠡᠭᠡᠨ | ᠬᠥᠭᠵᠢᠭᠦᠯᠬᠦ ᠳᠠᠯᠳᠠ ᠬᠦᠴᠦᠨ ᠪᠣᠯᠣᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠳᠠᠭ᠃ | ᠠᠵᠤ ᠠᠬᠤᠶᠢᠯᠠᠯ ᠲᠣᠯᠣᠭᠠᠶᠢᠯᠠᠭᠴᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ︽ᠳᠤᠮᠳᠠᠳᠤ | ᠤᠯᠤᠰ ᠤᠨ ᠴᠠᠭᠠᠨ ᠭᠤᠶᠣᠣ ᠶᠢᠨ ᠨᠤᠲᠤᠭ︾ ᠭᠡᠬᠦ ᠨᠡᠷ᠎ᠠ ᠲᠡᠮᠳᠡᠭ ᠢ ᠰᠠᠶᠢᠲᠤᠷ ᠠᠰᠢᠭᠯᠠᠨ᠂ ᠠᠯᠠᠱᠠ ᠶᠢᠨ ᠴᠠᠭᠠᠨ | ᠭᠤᠶᠣᠣ ᠶᠢᠨ ᠦᠨ᠎ᠡ ᠥᠷᠲᠡᠭ ᠤᠨ ᠦᠢᠯᠡᠳᠦᠯ ᠢ ᠰᠠᠶᠢᠲᠤᠷ ᠰᠤᠳᠤᠯᠵᠤ᠂ ᠰᠠᠶᠢᠲᠤᠷ ᠠᠭᠤᠳᠠᠯᠤᠨ᠂ ᠰᠠᠶᠢᠲᠤᠷ | ᠤᠬᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ ᠦᠢᠯᠡᠳᠬᠦᠨ ᠤ ᠲᠥᠷᠥᠯ ᠵᠦᠢᠯ ᠢ | ᠲᠠᠰᠤᠷᠠᠯᠲᠠ ᠦᠭᠡᠢ ᠪᠠᠶᠠᠯᠢᠭᠵᠢᠭᠤᠯᠤᠨ᠂ ᠣᠷᠣᠨ ᠪᠦᠰᠡ ᠶᠢᠨ ᠨᠠᠷᠠ ᠲᠡᠮᠳᠡᠭ ᠪᠠ ᠠᠵᠤ ᠠᠬᠤᠶᠢᠯᠠᠯ ᠤᠨ | ︽ᠨᠡᠷᠡᠲᠦ ᠪᠦᠲᠦᠭᠡᠭᠳᠡᠬᠦᠨ︾ ᠢ ᠪᠣᠶ ᠪᠣᠯᠭᠠᠵᠤ᠂ ᠪᠠᠷᠢᠮᠵᠢᠶᠠᠳᠤ ᠰᠢᠰᠲ᠋ᠧᠮ ᠤᠨ ᠪᠠᠶᠢᠭᠤᠯᠤᠯᠲᠠ ᠪᠠ ᠰᠤᠳᠤᠯᠤᠨ | ᠰᠤᠷᠤᠯᠴᠠᠬᠤ ᠶᠢ ᠠᠭᠤᠰᠤᠯᠴᠠᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ | ᠦᠢᠯᠡᠳᠪᠦᠷᠢᠯᠡᠯ ᠤᠨ ᠠᠬᠢᠴᠠ ᠪᠠᠨ ᠲᠦᠷᠭᠡᠳᠬᠡᠨ ᠠᠬᠢᠭᠤᠯᠵᠤ᠂ ᠬᠡᠪᠴᠢᠶ᠎ᠡ ᠪᠠᠨ ᠲᠠᠰᠤᠷᠠᠯᠲᠠ ᠦᠭᠡᠢ | ᠪᠤᠵᠠᠭᠠᠶᠢᠷᠠᠭᠤᠯᠤᠨ᠂ ᠲᠠᠰ ᠳᠠᠪᠬᠤᠷᠭ᠎ᠠ ᠶᠢ ᠳᠡᠭᠡᠭᠰᠢᠯᠡᠭᠦᠯᠵᠦ᠂ ᠭᠤᠣᠯᠯᠠᠬᠤ ᠥᠷᠢᠰᠦᠯᠳᠦᠬᠦ ᠬᠦᠴᠦᠨ ᠢ | ᠴᠢᠩᠭᠠᠷᠠᠭᠤᠯᠬᠤ ᠬᠡᠷᠡᠭᠲᠡᠢ ᠭᠡᠪᠡ᠃ | ᠳᠠᠷᠠᠭ᠎ᠠ ᠨᠢ᠂ ᠬᠤᠸᠠᠩ ᠶᠠ ᠯᠢ ᠤᠷᠢᠳ ᠬᠤᠵᠢᠳ ᠥᠪᠥᠷ ᠮᠣᠩᠭᠤᠯ ᠤᠨ ᠭᠤᠪᠢ ᠡᠷᠳᠡᠨᠢ ᠠᠮᠢᠳᠤ | ᠪᠣᠳᠠᠰ ᠤᠨ ᠰᠢᠨᠵᠢᠯᠡᠭᠡ ᠮᠡᠷᠭᠡᠵᠢᠯ ᠤᠨ ᠺᠣᠮᠫᠠᠨᠢ ᠪᠣᠯᠣᠨ ᠠᠯᠠᠱᠠ ᠵᠡᠭᠦᠨ ᠬᠤᠰᠢᠭᠤᠨ ᠤ ᠵᠢᠶᠠ ᠯᠢ ᠨᠣᠣᠰᠣ | ᠨᠣᠯᠣᠣᠷ ᠤᠨ ᠺᠣᠮᠫᠠᠨᠢ ᠳᠤ ᠬᠦᠷᠴᠦ᠂ ᠴᠠᠭᠠᠨ ᠭᠤᠶᠣᠣ᠂ ᠤᠯᠠᠭᠠᠨ ᠭᠤᠶᠣᠣ᠂ ᠨᠣᠯᠣᠣᠷ ᠤᠨ ᠴᠠᠭᠠᠨ ᠢᠮᠠᠭᠠᠨ ᠤ | ᠨᠣᠣᠰᠣ ᠨᠣᠯᠣᠣᠷ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠰᠤᠳᠤᠯᠤᠨ ᠨᠡᠭᠡᠭᠡᠬᠦ ᠪᠠ ᠠᠰᠢᠭ ᠣᠯᠵᠠᠪᠤᠷᠢ ᠣᠯᠬᠤ | ᠵᠡᠷᠭᠡ ᠪᠠᠶᠢᠳᠠᠯ ᠢ ᠣᠶᠢᠯᠠᠭᠠᠵᠠᠢ᠃ ᠲᠡᠷᠡ᠂ ᠡᠵᠡᠩᠨᠡᠯᠲᠡ ᠶᠢᠨ ᠣᠶᠢᠯᠠᠭᠠᠭᠳᠠᠬᠤᠨ ᠪᠣᠯᠣᠨ ᠬᠠᠮᠢᠶᠠᠷᠤᠯᠲᠠ ᠶᠢᠨ ᠠᠷᠭ᠎ᠠ | ᠬᠡᠯᠪᠡᠷᠢ ᠪᠠᠨ ᠰᠢᠯᠢᠳᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ | ᠳᠣᠣᠷᠠᠳᠤ ᠤᠷᠤᠰᠬᠠᠯ ᠤᠨ ᠠᠵᠢᠯ ᠢ ᠰᠠᠶᠢᠲᠤᠷ ᠬᠢᠵᠦ᠂ ᠦᠢᠯᠡᠳᠬᠦᠨ ᠤ ᠨᠡᠮᠡᠯᠲᠡ ᠦᠷᠳᠡᠭ ᠪᠣᠯᠣᠨ ᠥᠷᠢᠰᠦᠯᠳᠦᠬᠦ | ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠣᠨᠴᠠᠯᠢᠭᠲᠤ ᠠᠵᠤ ᠦᠢᠯᠡᠰ ᠤᠨ ᠬᠡᠪᠴᠢᠶᠡᠵᠢᠭᠰᠡᠨ᠂ | ᠪᠠᠷᠢᠮᠵᠢᠶᠠᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠲᠠᠢ ᠤᠶᠠᠯᠳᠤᠭᠤᠯᠤᠨ᠂ ᠠᠵᠤ | ᠠᠬᠤᠶᠢᠯᠠᠯ ᠤᠨ ᠬᠦᠴᠢᠷᠳᠡᠯ ᠢ ᠦᠨᠡᠨ ᠪᠣᠳᠠᠲᠠᠢ ᠪᠠᠷ ᠰᠶᠢᠳᠪᠦᠷᠢᠯᠡᠵᠦ᠂ ᠡᠯ᠎ᠡ ᠲᠠᠯ᠎ᠠ ᠶᠢᠨ ᠲᠥᠷᠥ ᠶᠢᠨ ᠪᠣᠳᠣᠯᠭ᠎ᠠ᠂ | ᠪᠡᠯᠡ ᠮᠥᠩᠭᠦ ᠶᠢᠨ ᠳᠡᠮᠵᠢᠯᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠦᠴᠦᠨ ᠢᠶᠠᠨ ᠲᠥᠪᠯᠡᠷᠡᠭᠦᠯᠦᠨ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠳᠬᠦᠬᠦ ᠬᠡᠷᠡᠭᠲᠡᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠭᠦᠸᠧ ᠪᠡᠷ᠎ᠠ ᠪᠤᠯᠵᠦ | ᠪᠠᠶᠢᠴᠠᠭᠠᠨ ᠰᠤᠳᠤᠯᠵᠠᠢ᠃ |