ᠡᠯᠡᠰᠦᠨ ᠰᠢᠭᠤᠷᠭ᠎ᠠ ᠬᠠᠬᠢᠷ ᠬᠦᠢᠲᠡᠨ ᠢ ᠬᠠᠶᠢᠬᠤᠷᠤᠯ ᠦᠭᠡᠢ ᠡᠵᠡᠨ᠎ᠡ ᠨᠤᠲᠤᠭ ᠤᠨ ᠲᠣᠷᠭᠠᠨ ᠬᠥᠷᠥᠰᠥᠨ ᠳᠤ | ᠮᠥᠷ ᠢᠶᠠᠨ ᠲᠠᠮᠠᠭᠠᠯᠠᠵᠤ ᠶᠠᠪᠤᠭᠰᠠᠨ ᠲᠡᠷᠡᠪᠡᠷ ᠡᠳᠦᠷᠵᠢᠨ ᠲᠦᠷᠭᠡᠨ ᠬᠦᠷᠭᠡᠯᠲᠡ ᠶᠢᠨ ᠭᠤᠷᠪᠠᠨ ᠬᠦᠷᠳᠦᠲᠦ | ᠮᠣᠲ᠋ᠣᠷ ᠢᠶᠠᠨ ᠵᠢᠯᠣᠭᠤᠳᠤᠨ ᠡᠯ᠎ᠡ ᠰᠤᠮᠤ ᠭᠠᠴᠠᠭ᠎ᠠ ᠶᠢᠨ ᠬᠤᠭᠤᠷᠣᠨᠳᠣ ᠰᠦᠯᠵᠢᠵᠦ ᠪᠠᠶᠢᠳᠠᠭ ᠰᠠᠨ᠃ ᠲᠡᠷᠡ ᠪᠣᠯ | ᠳᠠᠷᠤᠢ 2025 ᠣᠨ ᠤ ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠵᠠᠯᠠᠭᠤ ᠬᠤᠰᠢᠭᠤᠴᠢ ᠶᠢᠨ ᠠᠯᠳᠠᠷ ᠢ | ᠬᠦᠷᠲᠡᠭᠰᠡᠨ ᠠᠯᠠᠱᠠ ᠠᠶᠢᠮᠠᠭ ᠤᠨ ᠱᠦᠨ ᠹᠧᠩ ᠲᠦᠷᠭᠡᠨ ᠬᠦᠷᠭᠡᠯᠲᠡ ᠶᠢᠨ ᠭᠤᠷᠪᠠᠳᠤᠭᠠᠷ ᠡᠵᠡᠩᠨᠡᠯᠲᠡ ᠶᠢᠨ | ᠭᠠᠵᠠᠷ ᠤᠨ ᠲᠦᠷᠭᠡᠨ ᠬᠦᠷᠬᠡᠭᠴᠢ ᠸᠠᠩ ᠰᠢᠨ ᠪᠣᠯᠣᠨ᠎ᠠ᠃ | ᠠᠯᠠᠱᠠ ᠠᠶᠢᠮᠠᠭ ᠤᠨ ᠱᠦᠨ ᠹᠧᠩ ᠲᠦᠷᠭᠡᠨ ᠬᠦᠷᠭᠡᠯᠳᠡ ᠶᠢᠨ ᠭᠤᠷᠪᠠᠳᠤᠭᠠᠷ ᠡᠵᠡᠩᠨᠡᠯᠲᠡ ᠶᠢᠨ ᠭᠠᠵᠠᠷ ᠤᠨ | ᠢᠯᠭᠠᠯᠲᠠ ᠶᠢᠨ ᠲᠠᠰᠤᠭ ᠲᠤ᠂ ᠶᠠᠭᠠᠷᠠᠯᠲᠠᠢ ᠠᠵᠢᠯᠯᠠᠵᠤ ᠪᠠᠶᠢᠭ᠎ᠠ ᠸᠠᠩ ᠰᠢᠨ ᠤ ᠪᠠᠷ᠎ᠠ ᠬᠠᠷᠠᠭᠳᠠᠯ᠎ᠠ᠂ ᠲᠡᠷᠡ ᠮᠠᠨᠢ | ᠪᠠᠷᠠᠭᠠᠨ ᠤ ᠲᠡᠷᠭᠡ ᠶᠢᠨ ᠬᠠᠵᠠᠭᠤ ᠳᠤ ᠳᠦᠭᠦᠷᠡᠩ ᠨᠢᠭᠡ ᠲᠡᠷᠭᠡ ᠪᠠᠷᠠᠭ᠎ᠠ ᠶᠢ ᠪᠠᠭᠤᠯᠭᠠᠭᠰᠠᠨ ᠤ ᠳᠠᠷᠠᠭ᠎ᠠ ᠲᠦᠷᠭᠡᠨ | ᠳᠠᠮᠵᠢᠭᠤᠯᠬᠤ ᠪᠦᠰᠡ ᠶᠢᠨ ᠬᠠᠵᠠᠭᠤ ᠳᠤ ᠬᠦᠷᠴᠦ ᠪᠣᠭᠤᠳᠠᠯ ᠪᠠᠭᠯᠠᠭ᠎ᠠ ᠶᠢ ᠨᠠᠷᠢᠨ ᠬᠢᠨᠠᠮᠠᠭᠠᠢ ᠢᠯᠭᠠᠨ᠂ | ᠬᠡᠷᠡᠭᠯᠡᠭᠴᠢᠳ ᠤᠨ ᠮᠡᠳᠡᠭᠡ ᠵᠠᠩᠭᠢ ᠶᠢ ᠡᠮᠬᠢ ᠵᠠᠮᠪᠠᠷᠠᠭ᠎ᠠ ᠲᠠᠢ ᠪᠠᠷ ᠬᠠᠷᠭᠤᠭᠤᠯᠵᠤ ᠶᠠᠭᠠᠷᠠᠨ᠎ᠠ︔ | ᠡᠵᠡᠨ᠎ᠡ ᠬᠤᠰᠢᠭᠤ ᠨᠢ ᠥᠪᠥᠷ ᠮᠣᠩᠭᠤᠯ ᠤᠨ ︽ᠪᠠᠷᠠᠭᠤᠨ ᠶᠡᠭᠡ ᠡᠭᠦᠳᠡ︾ ᠬᠡᠮᠡᠭᠳᠡᠵᠦ᠂ ᠵᠠᠬᠢᠶᠠᠯᠭ᠎ᠠ | ᠨᠢᠭᠡᠪᠦᠷᠢ ᠨᠢ ᠴᠥᠮ ᠬᠢᠯᠢ ᠬᠢᠵᠠᠭᠠᠷ ᠣᠷᠣᠨ ᠪᠠ ᠳᠣᠲᠣᠷ ᠭᠠᠵᠠᠷ ᠢ ᠬᠤᠯᠪᠣᠵᠤ ᠪᠠᠶᠢᠳᠠᠭ᠃ 2017 ᠣᠨ ᠳᠤ᠂ | 20 ᠨᠠᠰᠤᠲᠠᠢ ᠸᠠᠩ ᠰᠢᠨ ᠡᠵᠡᠨ᠎ᠡ ᠬᠤᠰᠢᠭᠤᠨ ᠤ ᠬᠠᠮᠤᠭ ᠤᠨ ᠵᠠᠯᠠᠭᠤ ᠲᠦᠷᠭᠡᠨ ᠬᠦᠷᠭᠡᠭᠴᠢ ᠪᠣᠯᠪᠠ᠃ ᠲᠡᠷᠡ | ᠬᠠᠷᠢᠭᠤᠴᠠᠯᠭ᠎ᠠ ᠬᠦᠨᠳᠦ ᠭᠡᠳᠡᠭ ᠢ ᠰᠠᠶᠢᠨ ᠮᠡᠳᠡᠬᠦ ᠤᠴᠢᠷ ᠠᠴᠠ ︽ᠵᠠᠬᠢᠶᠠᠯᠭ᠎ᠠ ᠨᠢᠭᠡᠪᠦᠷᠢ ᠶᠢ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠪᠠᠨ ᠠᠭᠤᠰᠬᠠᠨ᠎ᠠ︾ ᠭᠡᠵᠦ ᠰᠡᠳᠬᠢᠯ ᠳᠡᠭᠡᠨ ᠠᠮᠠᠯᠠᠨ ᠶᠢᠨ ᠤᠯᠠᠨ ᠵᠢᠯ ᠤᠨ ᠲᠤᠷᠰᠢ | ᠠᠵᠢᠯ ᠤᠨ ᠪᠠᠶᠢᠷᠢ ᠪᠠᠨ ᠪᠠᠲᠤ ᠰᠠᠬᠢᠬᠤ ᠠᠨᠳᠠᠭᠠᠢ ᠪᠠᠨ ᠡᠷᠭᠦᠭᠰᠡᠨ ᠠᠵᠢ᠃ | ᠦᠢᠯᠡᠴᠢᠯᠡᠭᠡ ᠪᠠᠨ ᠳᠡᠭᠡᠭᠰᠢᠯᠡᠭᠦᠯᠬᠦ ᠶᠢᠨ ᠲᠥᠯᠥᠭᠡ᠂ ᠸᠠᠩ ᠰᠢᠨ ᠠᠵᠢᠯ ᠤᠨ ᠴᠢᠯᠦᠭᠡ ᠪᠠᠷ ᠢᠶᠠᠨ ᠲᠦᠷᠭᠡᠨ | ᠬᠦᠷᠭᠡᠯᠳᠡ ᠶᠢᠨ ᠲᠤᠬᠠᠢ ᠮᠡᠳᠡᠯᠭᠡ ᠶᠢ ᠰᠤᠷᠤᠯᠴᠠᠵᠤ᠂ ᠲᠣᠬᠢᠷᠠᠭᠤᠯᠤᠨ ᠬᠦᠷᠭᠡᠬᠦ ᠵᠠᠮ ᠱᠤᠭᠤᠮ ᠢ ᠰᠢᠯᠢᠳᠡᠭᠵᠢᠭᠦᠯᠬᠦ | ᠪᠠ ᠪᠤᠳᠤᠯᠢᠶᠠᠨᠲᠠᠢ ᠡᠳ᠋ ᠪᠣᠳᠠᠰ ᠢ ᠪᠣᠭᠤᠳᠠᠯᠯᠠᠬᠤ ᠶᠢ ᠰᠢᠮᠳᠠᠨ ᠰᠤᠳᠤᠯᠵᠤ᠂ ᠪᠠᠰᠠ ᠮᠣᠩᠭᠤᠯ ᠬᠡᠯᠡ ᠶᠢ ᠴᠢᠷᠮᠠᠶᠢᠨ | ᠰᠤᠷᠤᠯᠴᠠᠪᠠ᠃ | ᠸᠠᠩ ᠰᠢᠨ ᠤ ᠴᠢᠷᠮᠠᠶᠢᠯᠭ᠎ᠠ ᠨᠢ ᠤᠯᠠᠨ ᠤ ᠬᠦᠷᠢᠶᠡᠯᠡᠯ ᠢ ᠤᠯᠵᠤ᠂ ᠲᠡᠭᠦᠨ ᠤ ᠰᠠᠷ᠎ᠠ ᠶᠢᠨ ᠬᠦᠷᠭᠡᠯᠲᠡ ᠶᠢᠨ | ᠬᠡᠮᠵᠢᠶ᠎ᠡ 3000 ᠭᠠᠷᠤᠢ ᠪᠠᠶᠢᠵᠤ᠂ ᠬᠤᠪᠢ ᠬᠥᠮᠥᠨ ᠤ ᠰᠢᠯᠲᠠᠭᠠᠨ ᠠᠴᠠ ᠪᠣᠯᠵᠤ ᠲᠦᠷᠭᠡᠨ ᠬᠦᠷᠭᠡᠯᠲᠡ ᠶᠢ ᠨᠢᠭᠡ | ᠴᠦ ᠰᠠᠭᠠᠲᠠᠭᠠᠭᠰᠠᠨ ᠦᠭᠡᠢ᠂ ᠲᠡᠷᠡ ᠪᠣᠯ ᠡᠵᠡᠨ᠎ᠡ ᠬᠤᠰᠢᠭᠤᠨ ᠤ ᠴᠣᠷ ᠤᠨ ᠭᠠᠭᠴᠠ ︽ᠵᠠᠭᠠᠯᠳᠤᠯᠭ᠎ᠠ ᠦᠭᠡᠢ︾ | ᠲᠦᠷᠭᠡᠨ ᠬᠦᠷᠭᠡᠭᠴᠢ ᠮᠥᠨ᠃ ᠲᠡᠷᠡ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠮᠤᠭ ᠤᠨ ᠭᠤᠶᠣ ᠠᠵᠢᠯᠲᠠᠨ︾᠂ ︽ᠪᠥᠬᠦ ᠤᠯᠤᠰ ᠤᠨ ᠰᠢᠯᠢᠳᠡᠭ ᠡᠪ ᠬᠠᠮᠲᠤ ᠵᠠᠯᠠᠭᠤᠴᠤᠳ ᠤᠨ | ᠡᠪᠯᠡᠯ ᠤᠨ ᠭᠡᠰᠢᠭᠦᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠱᠠᠩᠨᠠᠯ ᠤᠨ ᠲᠡᠮᠳᠡᠭ︾᠂ ︽2025 ᠣᠨ ᠤ ᠪᠥᠬᠦ ᠤᠯᠤᠰ ᠤᠨ ᠰᠢᠨ᠎ᠡ ᠴᠠᠭ ᠦᠶ᠎ᠡ ᠶᠢᠨ | ᠵᠠᠯᠠᠭᠤᠴᠤᠳ ᠤᠨ ᠬᠤᠰᠢᠭᠤᠴᠢ ᠱᠠᠩᠨᠠᠯ︾ ᠵᠡᠷᠭᠡ ᠢᠷᠠᠭᠤ ᠠᠯᠳᠠᠷ ᠢ ᠬᠦᠷᠳᠡᠵᠡᠢ᠃ | ᠠᠯᠠᠱᠠ ᠠᠶᠢᠮᠠᠭ ᠤᠨ ᠱᠦᠨ ᠹᠧᠩ ᠲᠦᠷᠭᠡᠨ ᠬᠦᠷᠭᠡᠯᠲᠡ ᠶᠢᠨ ᠭᠤᠷᠪᠠᠳᠤᠭᠠᠷ ᠡᠵᠡᠩᠨᠡᠯᠲᠡ ᠶᠢᠨ ᠭᠠᠵᠠᠷ ᠤᠨ | ᠲᠦᠷᠭᠡᠨ ᠬᠦᠷᠭᠡᠭᠴᠢ ᠸᠠᠩ ᠰᠢᠨ᠄ ︽ᠡᠨᠡ ᠬᠦ ᠢᠷᠠᠭᠤ ᠠᠯᠳᠠᠷ ᠢ ᠭᠥᠷᠳᠡᠭᠰᠡᠨ ᠳᠡᠭᠡᠨ ᠪᠢ ᠲᠤᠶᠢᠯ ᠢᠶᠠᠷ | ᠣᠮᠣᠭᠰᠢᠵᠤ ᠪᠠᠶᠢᠨ᠎ᠠ᠂ ᠭᠡᠪᠡᠴᠦ ᠡᠨᠡ ᠬᠦ ᠢᠷᠠᠭᠤ ᠠᠯᠳᠠᠷ ᠨᠢ ᠵᠥᠪᠬᠡᠨ ᠮᠢᠨᠤ ᠬᠤᠪᠢ ᠬᠥᠮᠥᠨ ᠤ ᠬᠢ ᠪᠢᠰᠢ᠂ | ᠮᠥᠨ ᠴᠦ ᠮᠠᠨ ᠤ ᠡᠨᠡ ᠬᠦ ᠬᠠᠮᠲᠤ ᠨᠢᠭᠡᠴᠡ ᠶᠢᠨ ᠬᠢ ᠶᠤᠮ᠃ ᠪᠢ ᠲᠦᠷᠭᠡᠨ ᠬᠦᠷᠭᠡᠯᠳᠡ ᠶᠢᠨ ᠵᠠᠮ ᠳᠡᠭᠡᠷ᠎ᠡ | ᠦᠷᠭᠦᠯᠵᠢᠯᠡᠨ ᠤᠯᠠᠨ ᠳᠤ ᠦᠢᠯᠡᠴᠢᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠬᠢᠯᠢ ᠬᠢᠵᠠᠭᠠᠷ ᠤᠨ | ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃ |