ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠲᠠᠪᠤᠳᠤᠭᠠᠷ ᠪᠦᠯᠦᠭ ᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨ ᠰᠢᠨ᠎ᠡ ᠨᠢᠭᠡ ᠡᠭᠡᠯᠵᠢ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠣᠨᠣᠰᠢᠯᠠᠨ ᠡᠮᠨᠡᠬᠦ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 19 ᠤ ᠡᠳᠦᠷ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠲᠠᠪᠤᠳᠤᠭᠠᠷ ᠪᠦᠯᠦᠭ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ 6 ᠰᠠᠷ᠎ᠠ ᠶᠢᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠡᠮᠴᠢᠯᠡᠭᠡᠨ ᠤ ᠠᠵᠢᠯ ᠢᠶᠠᠨ ᠡᠬᠢᠯᠡᠨ ᠥᠷᠨᠢᠭᠦᠯᠪᠡ᠃ ᠲᠣᠰ ᠤᠳᠠᠭᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠡᠩ ᠤᠨ ᠭᠠᠳᠠᠷ ᠰᠠᠯᠠᠭ᠎ᠠ᠂ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠡᠷᠡᠭᠦᠯᠵᠢᠯ ᠤᠨ ᠠᠨᠠᠭᠠᠬᠤ ᠤᠬᠠᠭᠠᠨ ᠬᠢᠭᠡᠳ ᠹᠢᠽᠢᠺ ᠵᠠᠰᠠᠯ ᠤᠨ ᠰᠠᠯᠠᠭ᠎ᠠ᠂ ᠬᠡᠦᠬᠡᠳ ᠤᠨ ᠰᠠᠯᠠᠭ᠎ᠠ᠂ ᠬᠡᠦᠬᠡᠳ ᠤᠨ ᠰᠠᠯᠠᠭᠠᠨ ᠤ ᠰᠤᠪᠢᠯᠠᠯᠲᠠ ᠶᠢᠨ ᠲᠤᠰᠬᠠᠢ ᠮᠡᠷᠭᠡᠵᠢᠯ ᠵᠡᠷᠭᠡ 6 ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠡᠢ᠃     ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠦᠭᠰᠡᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ  ᠰᠠᠭᠤᠳᠠᠯ ᠤᠨ ᠬᠤᠷᠠᠯ  ᠬᠢᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ ᠢ ᠨᠠᠷᠢᠨ  ᠲᠠᠨᠢᠯᠴᠠᠭᠤᠯᠤᠨ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠥᠬᠦᠭᠡᠷᠦᠮᠵᠢ ᠵᠢᠴᠢ ᠣᠨᠣᠰᠢᠯᠠᠨ ᠡᠮᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠣᠶᠢᠯᠠᠭᠠᠪᠠ᠃     ᠲᠤᠰᠬᠠᠢ ᠮᠡᠷᠭᠡᠵᠢᠯᠲᠡᠨ ᠤ ᠳᠤᠭᠤᠶᠢᠯᠠᠩ ᠡᠮᠨᠡᠯᠭᠡ ᠳᠤ ᠰᠠᠭᠤᠭᠰᠠᠨ ᠠᠩᠬᠠᠨ ᠤ ᠡᠳᠦᠷ ᠲᠤ᠂ ᠰᠤᠷᠠᠭ ᠢ ᠣᠯᠵᠤ ᠰᠣᠨᠣᠰᠤᠭᠰᠠᠨ ᠰᠠᠭᠤᠭᠠᠯᠢ ᠠᠷᠠᠳ ᠤᠳ  ᠮᠠᠨᠢ ᠠᠯᠢ ᠡᠷᠲᠡ ᠡᠮᠨᠡᠯᠭᠡ  ᠶᠢᠨ ᠲᠠᠰᠤᠭ ᠤᠨ ᠭᠠᠳᠠᠨ᠎ᠠ  ᠬᠦᠯᠢᠶᠡᠨ ᠵᠣᠭᠰᠣᠵᠠᠭᠠᠨ᠎ᠠ᠃ ᠣᠨᠣᠰᠢᠯᠠᠨ ᠡᠮᠨᠡᠬᠦ ᠶᠠᠪᠤᠴᠠ ᠳᠤ᠂ ᠲᠤᠰᠬᠠᠢ ᠮᠡᠷᠭᠡᠵᠢᠯᠲᠡᠳ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠳᠠᠭᠠᠨ ᠲᠦᠰᠢᠭᠯᠡᠨ᠂ ᠡᠪᠡᠳᠴᠢᠲᠡᠨ ᠨᠢᠭᠡᠪᠦᠷᠢ ᠶᠢ ᠬᠦᠯᠢᠴᠡᠩᠭᠦᠢ ᠪᠠᠷ ᠨᠠᠷᠢᠨ ᠨᠢᠮᠪᠠᠢ ᠠᠰᠠᠭᠤᠨ ᠪᠠᠶᠢᠴᠠᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠨᠥᠬᠦᠴᠡᠯ ᠲᠠᠢ ᠤᠶᠠᠯᠳᠤᠭᠤᠯᠤᠨ᠂ ᠪᠡᠶ᠎ᠡ ᠶᠢᠨ ᠪᠠᠶᠢᠳᠠᠯ  ᠳᠤᠨᠢ ᠲᠣᠬᠢᠷᠠᠭᠤᠯᠤᠨ ᠰᠢᠨᠵᠢᠯᠡᠬᠦ ᠤᠬᠠᠭᠠᠨᠴᠢ᠂ ᠠᠮᠤᠷ ᠲᠦᠪᠰᠢᠨ᠂ ᠠᠵᠢᠯᠯᠠᠵᠤ ᠪᠣᠯᠬᠤᠶᠢᠴᠠ ᠡᠮᠴᠢᠯᠡᠭᠡᠨ ᠤ ᠲᠥᠰᠥᠯ ᠢ ᠲᠣᠭᠲᠠᠭᠠᠭᠰᠠᠨ ᠪᠠᠶᠢᠨ᠎ᠠ᠃     ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠶᠢᠰᠦᠳᠦᠭᠡᠷ ᠠᠨᠠᠭᠠᠬᠤ ᠤᠬᠠᠭᠠᠨ ᠤ ᠲᠥᠪ 2022 ᠣᠨ ᠳᠤ ᠮᠠᠨ ᠤ ᠬᠤᠰᠢᠭᠤ ᠲᠠᠢ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠨᠡᠶᠢᠲᠡ 32 ᠲᠤᠰᠬᠠᠢ ᠮᠡᠷᠭᠡᠵᠢᠯᠲᠡᠨ ᠲᠣᠮᠢᠯᠠᠵᠤ᠂ ᠴᠡᠭ ᠲᠤ ᠰᠠᠭᠤᠵᠤ ᠵᠢᠭᠠᠨ ᠵᠢᠯᠤᠭᠤᠳᠬᠤ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠥᠷᠨᠢᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠬᠠᠪᠰᠤᠷᠤᠨ ᠲᠡᠳᠬᠦᠬᠦ ᠬᠤᠭᠤᠴᠠᠭᠠᠨ ᠳᠤ᠂ ᠲᠤᠰᠬᠠᠢ ᠮᠡᠷᠭᠡᠵᠢᠯᠲᠡᠨ ᠤ ᠪᠦᠯᠬᠦᠮ ᠨᠢ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠨᠢᠭᠡ ᠪᠦᠯᠦᠭ ᠰᠢᠨ᠎ᠡ ᠮᠡᠷᠭᠡᠵᠢᠯ ᠰᠢᠨ᠎ᠡ ᠵᠦᠢᠯᠡᠰ ᠢ ᠥᠷᠨᠢᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号