ᠡᠵᠡᠨ᠎ᠡ ᠬᠤᠰᠢᠭᠤ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾᠎ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/27
    5 ᠰᠠᠷ᠎ᠠ ᠶᠢᠨ 22᠎ ᠤᠨ ᠡᠳᠦᠷ᠂ ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠠᠯᠠᠶᠢᠬᠥ᠋ᠪ ᠪᠠᠯᠭᠠᠰᠤᠨ ᠤ ᠵᠢᠷᠭᠠᠯᠠᠩᠲᠤ ᠨᠡᠶᠢᠭᠡᠮ ᠲᠣᠭᠤᠷᠢᠭ ᠲᠠᠢ ᠬᠠᠮᠲᠤᠷᠠᠨ ᠳᠣᠰᠬᠠᠢ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠣᠯᠠᠨ ᠲᠦᠮᠡᠨ ᠲᠠᠢ ᠣᠶᠢᠷᠠᠲᠤᠭᠰᠠᠨ᠂ ᠬᠠᠶᠢᠷ᠎ᠠ ᠬᠠᠯᠠᠮᠵᠢ ᠲᠠᠢ ᠬᠠᠤᠯᠢᠵᠢᠯ ᠤᠨ ᠬᠢᠴᠢᠶᠡᠯ ᠢ ᠠᠪᠴᠢᠷᠠᠪᠠ᠃    ᠠᠵᠢᠯᠯᠠᠭ᠎ᠠ ᠶᠢᠨ ᠠᠬᠤᠶ ᠲᠠᠯᠠᠪᠠᠶ ᠳᠤ᠂ ︽ᠠᠶᠠᠨ ᠤ ᠬᠤᠩᠬᠤ︾᠎ ᠶᠢᠨ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠠᠩᠭᠢ ᠪᠣᠯᠤᠨ ᠬᠠᠤᠯᠢ ᠲᠦᠭᠡᠮᠡᠯᠵᠢᠭᠦᠯᠬᠦ ᠰᠠᠶᠢᠨ ᠲᠤᠷᠠᠴᠤᠳ ᠦᠵᠡᠭᠴᠢᠳ ᠲᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠬᠠᠤᠯᠢ ᠪᠠᠷ ᠵᠠᠰᠠᠬᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠳᠣᠭᠯᠠᠯᠳᠠ ᠶᠢᠨ ᠬᠡᠯᠪᠡᠷᠢ ᠪᠠᠷ ᠢᠷᠭᠡᠨ ᠤ ᠬᠠᠤᠯᠢ ᠶᠢᠨ ᠪᠢᠴᠢᠭ ᠲᠠᠬᠢ ᠠᠷᠠᠳ ᠢᠷᠭᠡᠨ ᠤ ᠡᠷᠬᠡ ᠶᠢᠨ ᠪᠠᠲᠤᠯᠠᠭ᠎ᠠ ᠶᠢ ᠲᠠᠶᠢᠯᠪᠤᠷᠢᠯᠠᠭᠰᠠᠨ ᠪᠦᠬᠡᠳ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠲᠤᠬᠠᠶ ᠣᠶᠢᠯᠠᠭᠠᠯᠲᠠ ᠶᠢ ᠨᠢ ᠤᠯᠡᠮ ᠬᠦᠨᠵᠡᠭᠡᠶᠢᠷᠡᠬᠦᠯᠦᠭᠰᠡᠨ ᠪᠠᠶᠢᠨ᠎ᠠ᠃    ᠠᠵᠢᠯᠯᠠᠭ᠎ᠠ ᠳᠤ ᠪᠠᠰᠠ ᠰᠡᠳᠦᠪ ᠬᠠᠷᠢᠭᠤᠯᠬᠤ ᠭᠤᠭᠴᠤᠭ᠎ᠠ ᠲᠣᠬᠢᠷᠠᠭᠤᠯᠵᠤ᠂ ᠰᠠᠭᠤᠭᠠᠯᠢ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠠᠰᠠᠭᠤᠯᠳᠠ ᠨᠢ ᠢᠷᠭᠡᠨ ᠤ ᠬᠠᠤᠯᠢ ᠶᠢᠨ ᠪᠢᠴᠢᠭ ᠲᠠᠬᠢ ᠲᠦᠷᠢᠶᠡᠰᠦᠯᠡᠯ᠂ ᠣᠷᠤᠭ ᠬᠡᠷ ᠪᠦᠯᠢ᠂ ᠵᠠᠯᠭᠠᠮᠵᠢᠯᠠᠬᠤ᠂ ᠣᠷᠣᠰᠢᠨ ᠰᠠᠭᠤᠬᠤ ᠡᠷᠬᠡ ᠵᠡᠷᠭᠡ ᠣᠯᠠᠨ ᠲᠠᠯ᠎ᠠ ᠶᠢ ᠬᠠᠮᠤᠷᠴᠤ᠂ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠭᠠᠷ ᠡᠷᠭᠦᠨ ᠪᠣᠯᠢᠶᠠᠯᠳᠣᠨ ᠬᠠᠷᠢᠭᠤᠯᠵᠤ᠂ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠤᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠣᠶ ᠰᠠᠨᠠᠮᠵᠢ ᠶᠢ ᠨᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠤ ᠰᠠᠨᠠᠭᠠᠴᠢᠯᠠᠭ᠎ᠠ ᠠᠴᠠ ᠪᠠᠨ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠬᠤ ᠢᠳᠡᠪᠬᠢᠵᠢᠯ ᠢ ᠨᠢ ᠬᠥᠭᠵᠢᠭᠡᠪᠡ᠃    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠣᠪᠴᠢᠶᠠᠨ ᠳᠠᠷᠤᠭ᠎ᠠ ᠨᠠᠬᠢᠶ᠎ᠠ᠄ ︽ᠡᠯᠪᠡᠭ ᠪᠠᠶᠠᠯᠢᠭ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠠᠤᠯᠢ ᠶᠢ ᠮᠡᠳᠡᠭᠦᠯᠵᠦ᠂ ᠬᠠᠤᠯᠢ ᠶᠢ ᠣᠶᠢᠯᠠᠭᠠᠭᠤᠯᠵᠤ᠂ ᠬᠠᠤᠯᠢ ᠶᠢ ᠬᠡᠷᠡᠭᠯᠡᠭᠦᠯᠵᠦ᠂ ᠣᠯᠠᠨ ᠲᠦᠮᠡᠨ ᠢ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠪᠠ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠬᠤ ᠶᠢ ᠬᠦᠳᠦᠯᠦᠨ ᠵᠢᠯᠣᠭᠤᠳᠴᠦ᠂ ᠪᠥᠬᠦ ᠠᠷᠠᠳ ᠢᠶᠠᠷ ᠢᠶᠠᠨ ᠬᠠᠤᠯᠢ ᠶᠢ ᠰᠠᠬᠢᠵᠤ᠂ ᠬᠠᠤᠯᠢ ᠪᠠᠷ ᠵᠠᠰᠠᠬᠤ ᠨᠡᠶᠢᠭᠡᠮ ᠢ ᠬᠠᠮᠲᠤ ᠪᠠᠷ ᠪᠠᠶᠢᠭᠤᠯᠬᠤ ᠶᠢᠨ ᠳᠦᠯᠦᠭᠡ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠬᠠᠤᠯᠢ ᠴᠠᠭᠠᠵᠠ ᠶᠢᠨ ᠲᠣᠪᠴᠢᠶ᠎ᠠ ᠴᠤ ᠮᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠷ᠎ᠠ ᠪᠦᠲᠦᠮᠵᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ︽ᠬᠠᠤᠯᠢ ᠴᠠᠭᠠᠵᠠ ᠶᠢᠨ ᠳᠣᠯᠤᠭ᠎ᠠ ᠳᠤ ᠣᠷᠣᠬᠤ︾ ᠠᠵᠢᠯᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠰᠠᠭᠤᠭᠠᠯᠢ ᠠᠷᠠᠳ᠂ ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠬᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠳᠥᠯᠭᠢᠨ ᠠᠬᠢᠭᠤᠯᠬᠤ ᠪᠣᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号