ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠬᠤ ᠠᠮᠢᠲᠠᠨ ᠤ ᠥᠩᠭᠡᠲᠦ ᠦᠷᠪᠢᠯᠳᠡᠶ ᠰᠤᠪᠨᠠᠭᠤᠷ ᠤᠨ ᠨᠤᠭᠤ ᠭᠠᠵᠠᠷ ᠲᠤ ᠠᠩᠬ᠎ᠠ ᠤᠳᠠᠭ᠎ᠠ ᠢᠯᠡᠷᠡᠵᠡᠢ
ᠨᠡᠶᠢᠲᠡᠯᠡᠭᠰᠡᠨ ᠴᠠᠭ᠄
2025/5/27
    5 ᠳ᠋ᠤᠭᠠᠷ ᠰᠠᠷ᠎ᠠ ᠶᠢᠨ 20᠎ ᠤ ᠡᠳᠦᠷ᠂ ᠡᠵᠡᠨ᠎ᠡ ᠬᠤᠰᠢᠭᠤᠨ ᠤ ᠰᠤᠪᠨᠠᠭᠤᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠥᠷᠲᠡᠭᠡ ᠨᠢ ᠡᠳᠦᠷ ᠲᠤᠲᠤᠮ ᠤᠨ ᠰᠢᠪᠠᠭᠤᠨ ᠤ ᠲᠥᠷᠥᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠦᠶ᠎ᠡ ᠳᠤ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠥᠩᠭᠡᠲᠦ ᠦᠷᠪᠢᠯᠳᠡᠶ 6 ᠪᠠᠶᠢᠬᠤ ᠶᠢ ᠬᠢᠨᠠᠨ ᠬᠡᠮᠵᠢᠪᠡ᠃     ᠥᠩᠭᠡᠲᠦ ᠦᠷᠪᠢᠯᠳᠡᠶ ᠰᠤᠪᠨᠠᠭᠤᠷ ᠤᠨ ᠨᠤᠭᠤ ᠭᠠᠵᠠᠷ ᠲᠤ᠋‌ᠢᠯᠡᠷᠡᠭᠰᠡᠨ ᠨᠢ᠂ ᠲᠣᠰ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠤᠨ ᠰᠢᠯᠢᠳᠡᠭᠵᠢᠯᠲᠡ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠳᠡᠭᠡᠭᠰᠢᠯᠡᠯᠲᠡ ᠶᠢ ᠭᠡᠷᠡᠴᠢᠯᠡᠬᠦ ᠪᠠᠷ ᠪᠠᠷᠠᠬᠤ ᠥᠬᠡᠶ᠂ ᠪᠠᠰᠠ ᠡᠨᠡ ᠬᠦ ᠪᠠᠷᠠᠭᠤᠨ ᠬᠤᠶᠢᠲᠤ ᠶᠢᠨ ᠨᠤᠭᠤ ᠭᠠᠵᠠᠷ ᠨᠢ ᠥᠩᠭᠡᠲᠦ ᠦᠷᠪᠢᠯᠳᠡᠶ ᠶᠢᠨ ᠰᠢᠨ᠎ᠡ ᠨᠡᠭᠦᠳᠡᠯ ᠠᠮᠠᠷᠠᠬᠤ ᠭᠠᠵᠠᠷ ᠪᠤᠶᠤ ᠳᠠᠯᠳᠠ ᠦᠷᠡᠵᠢᠯ ᠤᠨ ᠭᠠᠵᠠᠷ ᠪᠣᠯᠬᠤ ᠶᠢ ᠳᠠᠯᠳᠠᠭᠤᠷ ᠬᠠᠷᠠᠭᠤᠯᠵᠤ ᠪᠠᠶᠢᠨ᠎ᠠ᠃ ᠡᠵᠡᠨ᠎ᠡ ᠬᠤᠰᠢᠭᠤ ᠰᠤᠪᠨᠠᠭᠤᠷ ᠤᠨ ᠨᠤᠭᠤ ᠭᠠᠵᠠᠷ ᠢ ᠬᠠᠮᠠᠭᠠᠯᠠᠬᠤ ᠪᠠ ᠬᠢᠨᠠᠨ ᠬᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠩᠭᠡᠲᠦ ᠦᠷᠪᠢᠯᠳᠡᠶ ᠵᠢᠴᠢ ᠪᠤᠰᠤᠳ ᠮᠠᠰᠢ ᠣᠯᠠᠨ ᠬᠤᠪᠣᠷ ᠴᠤᠬᠠᠭ ᠬᠡᠭᠡᠷ᠎ᠡ ᠶᠢᠨ ᠠᠮᠢᠲᠠᠨ ᠳᠤ ᠨᠠᠩ ᠲᠣᠭᠲᠠᠭᠤᠨ ᠪᠥᠭᠡᠳ ᠲᠣᠬᠢᠷᠠᠮᠵᠢᠲᠠᠶ ᠠᠮᠢ ᠠᠬᠤᠶ ᠶᠢᠨ ᠬᠡᠷ ᠣᠷᠣᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号