ᠡᠵᠡᠨ᠎ᠡ ᠬᠤᠰᠢᠭᠤ ᠨᠠᠷᠢᠯᠢᠭ ᠣᠨᠣᠴᠠᠲᠠᠶ ᠪᠠᠷ ᠬᠠᠪᠤᠷ ᠤᠨ ᠲᠠᠷᠢᠶᠠᠯᠠᠭ᠎ᠠ ᠶᠢᠨ ᠨᠥᠬᠦᠪᠦᠷᠢ ᠣᠯᠭᠤᠵᠣ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠵᠦ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/27
    ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠤᠯ ᠴᠣᠭᠴᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 30᠎ ᠤ ᠡᠳᠦᠷ᠂ ᠡᠵᠡᠨ᠎ᠡ ᠬᠤᠰᠢᠭᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠬᠢᠭᠡᠳ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠪᠣᠳᠠᠰᠵᠢᠭᠰᠠᠨ ᠨᠥᠬᠦᠪᠥᠷᠢ ᠣᠯᠭᠤᠬᠤ ᠠᠵᠢᠯ ᠢ ᠡᠬᠢᠯᠡᠭᠦᠯᠪᠡ᠃ 5 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 155 ᠡᠷᠦᠬᠡ ᠶᠢᠨ ᠪᠣᠳᠠᠰᠵᠢᠭᠤᠯᠤᠭᠰᠠᠨ ᠨᠥᠬᠦᠪᠥᠷᠢ ᠶᠢ ᠲᠦᠭᠡᠭᠡᠨ ᠥᠭᠬᠦ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂  ᠨᠠᠭᠠᠯᠳᠠ ᠮᠠᠶ᠋ᠢᠭ ᠤᠨ ᠳᠤᠰᠤᠯᠭᠠᠨ ᠤᠰᠤᠯᠠᠬᠤ ᠪᠦᠰᠡ ᠶᠢ ᠨᠡᠶᠢᠲᠡ 588 ᠪᠤᠳᠢ ᠲᠠᠷᠬᠠᠭᠠᠵᠤ᠂ ᠲᠡᠮᠡᠭᠡ ᠶᠢᠨ ᠨᠠᠷᠢᠯᠢᠭ ᠪᠣᠷᠳᠤᠭ᠎ᠠ ᠶᠢ 20.12 ᠲᠣᠨ ᠲᠠᠷᠬᠠᠭᠠᠪᠠ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠮᠡᠷᠭᠡᠵᠢᠯ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠵᠦ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠤᠨ ᠵᠢᠯᠣᠭᠤᠳᠣᠯᠭ᠎ᠠ ᠶᠢ ᠥᠷᠨᠢᠭᠦᠯᠵᠦ᠂ ᠨᠥᠬᠦᠪᠥᠷᠢ ᠶᠢᠨ ᠡᠳ᠋ ᠪᠣᠳᠠᠰ ᠤᠨ ᠬᠦᠴᠦᠨ ᠴᠢᠳᠠᠪᠤᠷᠢ ᠶᠢ ᠦᠨᠡᠨ ᠬᠦ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号