ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ︽ᠪᠢᠳᠡᠨ ᠤ ᠪᠠᠶᠠᠷ ᠤᠨ ᠡᠳᠦᠷ ᠲᠠᠪᠤᠨ ᠰᠠᠷ᠎ᠠ ᠶᠢᠨ ᠨᠢᠭᠡᠨ︾ ᠭᠤᠣᠯ ᠰᠡᠳᠦᠪᠲᠦ ᠠᠵᠢᠯᠯᠠᠭ᠎ᠠ ᠶᠢᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2025/5/27
    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠵᠢᠨ‌‍ᠲ᠋ᠣᠯᠠᠳᠠ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠣᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷ᠎ᠠ ᠪᠦᠷᠭᠦᠳ ᠤᠨ ᠠᠭᠤᠯᠠ ᠪᠠᠯᠭᠠᠰᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠤᠨ ︽ᠪᠢᠳᠡᠨ ᠤ ᠪᠠᠶᠠᠷ ‍ᠤᠨ‌ᠡᠳᠦᠷ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠮᠵᠢᠯᠠᠯᠲᠤ ᠪᠠᠶᠠᠷ ᠤᠨ ᠡᠳᠦᠷ ᠢ ᠬᠥᠳᠡᠯᠮᠦᠷᠢ ᠶᠢᠨ ᠵᠣᠷᠢᠭ ᠰᠠᠨᠠᠭ᠎ᠠ ᠲᠠᠢ ᠠᠭᠤᠰᠤᠯᠴᠠᠭᠤᠯᠵᠤ᠂ ᠪᠠᠶᠠᠷ ᠪᠠᠶᠠᠰᠤᠯ ᠲᠠᠢ᠂ ᠡᠶ᠎ᠡ ᠨᠠᠶᠢᠷᠠᠮᠳᠠᠭᠤ᠂ ᠪᠣᠯᠪᠠᠰᠤᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃    ᠮᠢᠩᠭᠠᠨ ᠲᠡᠮᠡᠭᠡᠨ ᠰᠡᠭᠦᠳᠡᠷ᠂ ᠮᠢᠩᠭᠠᠨ ᠬᠤᠪᠢ ᠶᠢᠨ ᠰᠠᠬᠢᠯ    ᠲᠠᠪᠤᠨ ᠰᠠᠷ᠎ᠠ ᠶᠢᠨ ᠨᠢᠭᠡᠨ ᠤ ᠡᠮᠣᠨ᠎ᠡ᠂ ᠡᠵᠡᠨ᠎ᠡ ᠬᠤᠰᠢᠭᠤᠨ ᠤ 2025 ᠣᠨ ᠤ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠣᠳᠣᠭᠤ ᠶᠢᠨ ᠭᠡᠰᠢᠭ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠪᠡ᠃ ᠦᠢᠯᠡᠴᠢᠯᠡᠭᠡ ᠪᠠᠳᠣᠯᠭᠠᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠠᠴᠠ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠷᠢᠨ ᠨᠢᠮᠪᠠᠢ ᠪᠠᠶᠢᠷᠢᠯᠠᠭᠤᠯᠤᠨ᠂ ᠪᠥᠬᠦ ᠶᠠᠪᠤᠴᠠ ᠶᠢ ᠬᠠᠮᠤᠷᠤᠭᠰᠠᠨ ᠦᠢᠯᠡᠴᠢᠯᠡᠭᠡ  ᠪᠠᠳᠣᠯᠭᠠᠨ ᠤ ᠲᠥᠰᠥᠯ ᠢ ᠲᠣᠭᠲᠠᠭᠠᠵᠤ᠂ ᠡᠯ᠎ᠡ ᠭᠤᠭᠴᠤᠭ᠎ᠠ ᠳᠤ ᠨᠠᠷᠢᠯᠢᠭᠵᠢᠭᠤᠯᠤᠭᠰᠠᠨ ᠲᠣᠬᠢᠷᠠᠭᠤᠯᠤᠯᠲᠠ ᠬᠢᠪᠡ᠃ ᠠᠵᠢᠯᠯᠠᠭ᠎ᠠ ᠶᠢ ᠪᠡᠯᠡᠳᠬᠡᠬᠦ ᠪᠠ ᠥᠷᠨᠢᠭᠦᠯᠬᠦ ᠬᠤᠭᠤᠴᠠᠭᠠᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠮᠣᠩᠭᠤᠯ ᠭᠡᠷ ᠢᠶᠠᠨ ᠵᠠᠰᠠᠵᠤ ᠴᠢᠮᠡᠭᠯᠡᠬᠦ᠂ ᠡᠳ᠋ ᠪᠣᠳᠠᠰ ᠢ ᠨᠢᠭᠡᠳᠦᠯᠲᠡᠢ ᠲᠣᠬᠢᠷᠠᠭᠤᠯᠬᠤ᠂ ᠡᠪᠡᠰᠦ ᠪᠣᠷᠳᠤᠭ᠎ᠠ ᠶᠢ ᠬᠤᠪᠢᠶᠠᠨ ᠲᠠᠷᠬᠠᠭᠠᠬᠤ ᠵᠡᠷᠭᠡ ᠠᠵᠢᠯ ᠂ ᠡᠬᠢᠯᠡᠯᠲᠡ ᠶᠢᠨ ᠶᠣᠰᠣᠯᠠᠯ ᠤᠨ ᠲᠣᠭᠯᠠᠯᠲᠠ᠂ ᠤᠷᠤᠯᠳᠤᠭᠠᠨ ᠤ ᠶᠠᠪᠤᠳᠠᠯ ᠢ ᠲᠥᠰᠥᠪᠯᠡᠨ ᠪᠡᠯᠡᠳᠬᠡᠬᠦ ᠵᠢᠴᠢ ᠤᠷᠤᠯᠳᠤᠭᠠᠨ ᠤ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠳᠤᠮᠳᠠ᠂ ᠠᠵᠢᠯ ᠤᠨ ᠬᠤᠪᠢᠶᠠᠷᠢᠯᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠮᠡᠷᠭᠡᠵᠢᠯ ᠤᠨ ᠥᠨᠳᠥᠷ ᠪᠦᠲᠦᠮᠵᠢᠲᠡᠢ ᠦᠢᠯᠡᠴᠢᠯᠡᠭᠡᠨ ᠤ ᠲᠦᠪᠰᠢᠨ ᠪᠣᠯᠣᠨ ᠨᠠᠷᠢᠨ ᠨᠢᠮᠪᠠᠢ ᠠᠵᠢᠯ ᠤᠨ ᠣᠪᠣᠷ ᠢᠶᠠᠷ ᠠᠵᠢᠯᠯᠠᠭᠠᠨ ᠤ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠬᠠᠯᠬᠠᠪᠴᠢ ᠶᠢ ᠴᠣᠭᠴᠠᠯᠠᠵᠤ᠂ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠬᠦᠯᠪᠡ᠃ ᠰᠠᠶᠢᠨ ᠳᠤᠷ᠎ᠠ ᠶᠢᠨ ᠠᠵᠢᠯᠯᠠᠭᠴᠢᠳ ᠬᠠᠯᠠᠭᠤᠮᠰᠤᠭ ᠦᠢᠯᠡᠴᠢᠯᠡᠭᠡ ᠪᠣᠯᠣᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠢᠶᠠᠨ ᠠᠵᠢᠯᠯᠠᠭ᠎ᠠ ᠳᠤ ᠣᠷᠣᠯᠴᠠᠭᠰᠠᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ  ᠲᠠᠶᠢᠯᠪᠣᠷᠢᠯᠠᠪᠠ᠃    ᠬᠥᠳᠡᠯᠮᠦᠷᠢ ᠪᠠᠷ ᠴᠢᠳᠠᠪᠤᠷᠢ ᠶᠢ ᠣᠯᠵᠣ ᠪᠣᠯᠪᠠᠰᠤᠨ ᠢᠶᠠᠷ ᠬᠠᠮᠲᠤ ᠪᠠᠷ ᠤᠷᠤᠭᠰᠢᠯᠠᠨ᠎ᠠ    ︽5 ·1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠣᠨ᠎ᠡ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠠᠨ ᠲᠦᠮᠡᠨ ᠤ ᠬᠥᠳᠡᠯᠮᠦᠷᠢᠯᠡᠬᠦ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠵᠦ᠂ ᠬᠥᠳᠡᠯᠮᠦᠷᠢ ᠶᠢᠨ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠯ ᠢ ᠵᠤᠵᠠᠭᠠᠳᠬᠠᠬᠤ ᠶᠢᠨ ᠲᠥᠯᠥᠭᠡ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠠᠴᠠ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂       ︽ᠨᠠᠮ ᠤᠨ ᠭᠡᠰᠢᠬᠦᠨ ᠤ ᠣᠷᠣᠯᠠᠨ ᠭᠦᠢᠴᠡᠳᠭᠡᠭᠴᠢ︾᠎ ᠶᠢᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠪᠦᠬᠦ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠪᠡ᠃ ᠲᠥᠪᠯᠡᠷᠡᠭᠦᠯᠦᠨ ᠴᠡᠪᠡᠷᠯᠡᠬᠦ᠂ ᠲᠤᠰᠬᠠᠢ ᠵᠦᠢᠯ ᠢᠶᠠᠷ ᠵᠠᠰᠠᠬᠤ ᠪᠠᠷ ᠳᠠᠮᠵᠢᠭᠤᠯᠤᠨ᠂  ᠪᠠᠯᠭᠠᠰᠣᠨ ᠤ  ᠪᠦᠬᠦᠯᠢ ᠴᠣᠭᠴᠠ ᠶᠢᠨ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠴᠡᠪᠡᠷ ᠴᠡᠮᠴᠡᠭᠡᠷ ᠭᠤᠶᠢᠳᠠ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠬᠤᠳᠠ ᠪᠠᠯᠭᠠᠰᠤᠨ ᠤ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ ᠡᠭᠦᠨ ᠤ ᠬᠠᠮᠲᠤ᠂ ᠣᠯᠭᠠᠠᠭᠤᠯᠠ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠮᠠᠯᠴᠢᠳ ᠤᠨ ᠮᠠᠯ ᠠᠵᠤ ᠠᠬᠤᠢ ᠳᠤ ᠲᠤᠯᠭᠠᠷᠠᠵᠤ ᠪᠠᠶᠢᠭ᠎ᠠ ᠬᠥᠳᠡᠯᠮᠦᠷᠢ ᠬᠦᠴᠦ ᠳᠤᠲᠠᠭᠳᠠᠬᠤ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠤᠰᠠᠯᠠᠬᠤ ᠪᠠᠭ᠎ᠠ ᠰᠠᠯᠪᠤᠷᠢ ᠠᠩᠭᠢ︾᠎ ᠶᠢ ᠵᠣᠬᠢᠶᠠᠨ ᠪᠠᠶᠢᠭᠤᠯᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠭᠡᠰᠢᠭᠦᠳ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠪᠠᠷ ᠲᠦᠰᠢᠭ ᠪᠣᠯᠭᠠᠵᠤ᠂ ᠡᠭᠡᠯᠵᠢᠯᠡᠨ ᠬᠠᠮᠵᠢᠯᠴᠠᠬᠤ ᠠᠷᠭ᠎ᠠ ᠶᠢ ᠠᠪᠴᠤ᠂ ᠮᠠᠯᠵᠢᠬᠤ ᠣᠷᠣᠨ ᠳᠤ ᠭᠦᠨᠵᠡᠭᠡᠶᠢᠷᠡᠨ ᠲᠡᠮᠡᠭᠡᠨ ᠨᠣᠣᠰᠣ ᠬᠠᠶᠢᠴᠢᠯᠠᠬᠤ᠂ ᠢᠮᠠᠭᠠᠨ ᠨᠣᠯᠤᠤᠷ ᠰᠠᠮᠨᠠᠬᠤ ᠵᠡᠷᠭᠡ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠤᠨᠢᠨ ᠳᠡᠭᠡᠷ᠎ᠡ ᠨᠢ ᠠᠭᠤᠰᠤᠯᠴᠠᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠮᠲᠤᠪᠠᠷ ᠲᠤᠭᠤᠯᠬᠤ ᠬᠦᠴᠦᠨ ᠢ ᠨᠢᠭᠲᠠᠷᠠᠭᠤᠯᠪᠠ᠃    ︽ᠴᠠᠬᠢᠯᠭᠠᠨ︾ ᠤᠭ ᠰᠠᠨᠠᠭ᠎ᠠ ᠂ ᠭᠤᠪᠢ ᠶᠢ ᠭᠡᠷᠡᠯᠳᠦᠬᠦᠯᠦᠨ᠎ᠡ   ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠣᠨᠴᠠᠯᠢᠭᠲᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠪᠦᠬᠦ ᠤᠯᠤᠰ ᠤᠨ ︽ᠠᠵᠢᠯᠴᠢᠨ ᠤ ᠬᠤᠰᠢᠭᠤᠴᠢ ᠨᠡᠷᠡᠮᠵᠢᠲᠦ︾ ᠪᠠ ︽ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠦᠷᠪᠡᠨ ᠤ ᠱᠠᠩᠨᠠᠯ ᠤᠨ ᠲᠡᠮᠳᠡᠭ ᠤᠨ ᠬᠠᠮᠲᠤ ᠨᠡᠶᠢᠲᠡ︾ ᠭᠡᠬᠦ ᠬᠤᠣᠰ ᠢᠷᠠᠭᠤ ᠠᠯᠳᠠᠷ ᠢ ᠭᠥᠷᠳᠡᠭᠰᠡᠨ ᠾᠧᠢ ᠶᠢᠩ ᠱᠠᠨ ᠤ ᠴᠠᠬᠢᠯᠭᠠᠨ ᠬᠠᠩᠭᠠᠬᠤ ᠭᠠᠵᠠᠷ ᠲᠤ ᠣᠴᠢᠵᠣ᠂ ᠴᠠᠬᠢᠯᠭᠠᠨ ᠬᠦᠴᠦᠨ ᠤ ᠠᠵᠢᠯᠲᠠᠳ ᠤᠨ ᠡᠳᠦᠷ ᠳᠤᠳᠤᠮ ᠤᠨ ᠠᠵᠢᠯ ᠢ ᠭᠦᠨᠵᠡᠭᠡᠢ ᠣᠶᠢᠯᠠᠭᠠᠪᠠ᠃ ᠠᠵᠢᠯᠯᠠᠭᠠᠨ ᠤ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠴᠠᠬᠢᠯᠭᠠᠨ ᠬᠦᠴᠦᠨ ᠤ ᠲᠣᠭᠤᠷᠢᠨ ᠪᠠᠶᠢᠴᠠᠭᠠᠯᠲᠠ᠂ ᠰᠠᠭᠠᠳ ᠲᠣᠳᠬᠠᠷ ᠢ ᠵᠠᠪᠳᠤᠨ ᠵᠠᠰᠠᠬᠤ ᠵᠡᠷᠭᠡ ᠠᠵᠢᠯ ᠳᠤ ᠪᠥᠬᠦ ᠶᠠᠪᠤᠴᠠ ᠪᠠᠷ ᠣᠷᠣᠯᠴᠠᠵᠤ᠂ ᠴᠠᠬᠢᠯᠭᠠᠨ ᠬᠦᠴᠦᠨ ᠤ ᠠᠵᠢᠯᠲᠠᠨ ᠤ ︽ᠠᠮᠢ ᠨᠠᠰᠤᠨ ᠤ ᠬᠤᠷᠢᠭᠠᠲᠤ ᠣᠷᠣᠨ︾ ᠬᠡᠮᠡᠭᠳᠡᠭᠰᠡᠨ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠳᠤ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠤᠶᠠᠴᠢ ᠦᠭᠡᠢ ᠪᠠᠷ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠣᠶᠢᠯᠠᠭᠠᠵᠤ ᠮᠡᠳᠡᠪᠡ᠃ ᠡᠨᠡ ᠣᠳᠠᠭᠠᠨ ᠤ ᠦᠢᠯᠡᠳᠦᠯᠭᠡ ᠶᠢᠨ ᠠᠵᠢᠯᠯᠠᠭ᠎ᠠ ᠨᠢ ᠰᠠᠶᠢᠨ ᠳᠤᠷ᠎ᠠ ᠶᠢᠨ ᠠᠵᠢᠯᠯᠠᠭᠰᠠᠳ ᠲᠤ ᠦᠯᠢᠭᠡᠷ ᠳᠠᠭᠤᠷᠢᠶᠠᠯ ᠎ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠤᠭ ᠰᠠᠨᠠᠭ᠎ᠠ ᠶᠢ ᠦᠢᠯᠡᠳᠦᠯᠭᠡᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠠᠵᠢᠯᠯᠠᠭ᠎ᠠ ᠳᠤ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠰᠠᠳ᠂ ᠾᠧᠢ ᠶᠢᠩ ᠱᠠᠨ ᠤ ᠴᠠᠬᠢᠯᠭᠠᠨ ᠬᠦᠴᠦᠨ ᠤ ᠠᠵᠢᠯᠲᠠᠳ ᠤᠨ ᠵᠣᠷᠢᠭ ᠰᠠᠨᠠᠭ᠎ᠠ ᠶᠢ ᠰᠡᠳᠬᠢᠯ ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠡᠨᠡᠬᠦ ᠵᠣᠷᠢᠭ ᠰᠠᠨᠠᠭᠠᠨ ᠤ ᠢᠳᠡᠪᠬᠢᠲᠡᠢ ᠦᠢᠯᠡᠳᠦᠯᠭᠡᠵᠢᠭᠦᠯᠦᠭᠴᠢ ᠪᠠ ᠬᠦᠴᠦᠲᠡᠢ ᠤᠯᠠᠮᠵᠢᠯᠠᠭᠴᠢ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃    ᠮᠢᠩᠭᠠᠨ ᠪᠣᠳᠣᠭᠠᠨ ᠤ ᠨᠠᠶᠢᠷ ᠨᠢ ᠰᠣᠶᠣᠯ ᠤᠨ ᠦᠨᠳᠦᠰᠦ ᠰᠤᠷᠪᠤᠯᠵᠢ ᠪᠠᠨ ᠦᠷᠭᠦᠯᠵᠢᠯᠡᠭᠦᠯᠦᠭᠰᠡᠨ ᠠᠴᠠ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠩᠭᠦᠢ ᠥᠷᠨᠢᠵᠦ᠂ ᠾᠧᠢ ᠶᠢᠩ ᠱᠠᠨ ᠤ ᠴᠠᠬᠢᠯᠭᠠᠨ ᠬᠦᠴᠦᠨ ᠤ ᠠᠵᠢᠯᠲᠠᠳ ᠡᠳᠣᠷᠵᠢᠨ ᠲᠠᠭᠤ ᠦᠭᠡᠢ ᠪᠠᠲᠤ ᠰᠠᠬᠢᠬᠤ ᠬᠦᠷᠲᠡᠯ᠎ᠡ᠂ ᠬᠠᠷ᠎ᠠ ᠪᠦᠷᠭᠦᠳ ᠤᠨ ᠠᠭᠤᠯᠠ ᠪᠠᠯᠭᠠᠰᠤ ᠨᠢ ᠣᠯᠠᠨ ᠡᠰᠢᠲᠦ ᠪᠥᠭᠡᠳ ᠥᠪᠡᠷᠮᠢᠴᠡ ᠣᠨᠴᠠᠯᠢᠭ ᠲᠠᠢ ᠠᠵᠢᠯᠯᠠᠭ᠎ᠠ ᠪᠠᠷ ᠢᠶᠠᠨ ᠬᠢᠯᠢ ᠬᠢᠵᠠᠭᠠᠷ ᠤᠨ ᠵᠢᠵᠢᠭ ᠪᠠᠯᠭᠠᠰᠤᠨ ᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠰᠠᠭᠤᠷᠢ ᠥᠩᠭᠡ ᠶᠢ ᠢᠯᠡᠷᠡᠬᠦᠯᠪᠡ᠃ ᠲᠣᠰ ᠤᠳᠠᠭᠠᠨ ᠤ ︽ᠪᠢᠳᠡᠨ ᠤ ᠪᠠᠶᠠᠷ ᠤᠨ ᠡᠳᠦᠷ ᠲᠠᠪᠤᠨ ᠰᠠᠷ᠎ᠠ ᠶᠢᠨ ᠨᠢᠭᠡᠨ︾᠎ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠣᠯᠠᠨ ᠲᠦᠮᠡᠨ ᠤ ᠰᠣᠯᠢᠯᠴᠠᠭ᠎ᠠ ᠪᠠᠨ ᠨᠡᠮᠡᠭᠳᠡᠭᠦᠯᠬᠦ᠂ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠴᠢᠬᠤᠯᠠ ᠬᠥᠭᠦᠷᠭᠡ ᠪᠣᠯᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠠᠮᠵᠢᠯᠲᠠ ᠲᠠᠢ ᠪᠠᠷ ᠪᠣᠶ ᠪᠣᠯᠭᠠᠪᠠ᠃ ᠡᠭᠦᠨ ᠤ ᠬᠠᠮᠲᠤ ᠪᠠᠰᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠨᠳᠦᠰᠦᠨ ᠱᠠᠲᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠤᠯᠠᠨ ᠲᠦᠮᠡᠨ ᠢ ᠬᠥᠲᠥᠯᠥᠨ ᠳᠠᠭᠠᠭᠤᠯᠬᠤ᠂ ᠰᠣᠶᠣᠯ ᠢᠶᠠᠷ ᠤᠶᠤᠨ ᠰᠠᠨᠠᠭ᠎ᠠ ᠶᠢ ᠲᠡᠵᠢᠭᠡᠬᠦ᠂ ᠰᠢᠨ᠎ᠡ ᠰᠤᠷᠲᠠᠯ ᠢᠶᠠᠷ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠢᠳᠡᠪᠬᠢ ᠦᠢᠯᠡᠳᠦᠯ ᠢ ᠦᠨᠡᠨᠬᠦ ᠪᠠᠳᠠᠷᠠᠭᠤᠯᠪᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号