5 ᠰᠠᠷ᠎ᠠ ᠶᠢᠨ 24 ᠤ ᠡᠳᠦᠷ᠂ ᠡᠵᠡᠨ᠎ᠡ ᠬᠤᠰᠢᠭᠤᠨ ᠤ ᠪᠠᠶᠠᠨᠲᠤᠤᠷᠠᠢ ᠰᠤᠮᠤᠨ ᠤ ᠬᠤᠨᠢᠨᠬᠦ᠋ᠪ ᠭᠠᠴᠠᠭ᠎ᠠ ᠨᠢ | ᠬᠤᠪᠢᠴᠠᠭᠠᠳᠤ ᠲᠦᠷᠢᠮ ᠤᠨ ᠠᠵᠤ ᠠᠬᠤᠢ ᠶᠢᠨ ᠬᠤᠷᠰᠢᠶᠠᠵᠢᠯ ᠤᠨ ᠬᠤᠪᠢ ᠤᠷᠤᠭᠤᠯᠤᠭᠴᠢᠳ ᠳᠤ ᠠᠰᠢᠭ | ᠤᠯᠵᠠᠪᠤᠷᠢ ᠶᠢ ᠬᠤᠪᠢᠶᠠᠬᠤ ᠶᠡᠭᠡ ᠬᠤᠷᠠᠯ ᠬᠤᠷᠠᠯᠳᠤᠭᠤᠯᠪᠠ᠃ 105 ᠡᠷᠦᠬᠡ ᠮᠠᠯᠴᠢᠨ ᠲᠠᠷᠢᠶᠠᠴᠢᠨ 11 ᠲᠦᠮᠡᠨ | ᠲᠥᠭᠦᠷᠢᠭ ᠤᠨ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠣᠯᠵᠠᠢ᠃ ᠲᠣᠰ ᠤᠳᠠᠭᠠᠨ ᠤ ᠠᠰᠢᠭ | ᠬᠤᠪᠢᠶᠠᠷᠢᠯᠠᠯᠲᠠ ᠳᠤ ︽ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ︾ ᠵᠠᠷᠴᠢᠮ ᠢ ᠴᠢᠩᠭ᠎ᠠ ᠵᠢᠷᠤᠮᠯᠠᠨ᠂ | 689 ᠰᠲ᠋ᠣᠺ ᠤᠨ ᠶᠡᠷᠦᠩᠬᠡᠶ ᠲᠤᠭ᠎ᠠ ᠶᠢᠨ ᠶᠣᠰᠣᠭᠠᠷ᠂ ᠬᠤᠪᠢ ᠪᠦᠷᠢ ᠶᠢᠨ ᠠᠰᠢᠭ ᠬᠤᠪᠢᠶᠠᠬᠤ ᠪᠠᠷᠢᠮᠵᠢᠶ᠎ᠠ ᠪᠠᠷ | 258 ᠬᠥᠮᠦᠨ ᠳᠤ ᠨᠡᠶᠢᠲᠡ 110240 ᠲᠥᠭᠦᠷᠢᠭ ᠤᠨ ᠠᠰᠢᠭ ᠬᠤᠪᠢᠶᠠᠬᠤ ᠪᠠᠯᠠ ᠮᠥᠩᠭᠦ ᠲᠠᠷᠬᠠᠭᠠᠵᠤ᠂ | ᠪᠠᠷᠤᠭ 2024 ᠣᠨ ᠤ ᠬᠠᠮᠲᠤ ᠶᠢᠨ ᠠᠵᠤ ᠠᠬᠤᠶ ᠶᠢᠨ ᠶᠡᠷᠦᠩᠬᠡᠶ ᠣᠷᠣᠯᠭ᠎ᠠ ᠶᠢᠨ 50% ᠶᠢ ᠡᠵᠡᠯᠡᠨ᠎ᠡ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠬᠥᠭᠵᠢᠯᠲᠡ ᠶᠢᠨ ᠰᠢᠨ᠎ᠡ ᠵᠠᠭᠪᠤᠷ ᠢ ᠦᠷᠭᠦᠯᠵᠢᠯᠡᠨ ᠬᠠᠶᠢᠨ | ᠰᠦᠪᠡᠭᠴᠢᠯᠡᠵᠦ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠡᠬᠢ ᠪᠠᠶᠠᠯᠢᠭ ᠤᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠂ ᠬᠠᠮᠲᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠣᠯᠤᠨ᠎ᠠ᠃ | | |