5 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ | ᠬᠤᠰᠢᠭᠤᠨ ᠳᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠬᠦ᠂ ᠤᠰᠤ ᠠᠷᠪᠢᠯᠠᠬᠤ ᠠᠵᠢᠯᠯᠠᠭ᠎ᠠ ᠵᠡᠷᠭᠡ ᠠᠵᠢᠯ ᠢ | ᠪᠠᠶᠢᠴᠠᠭᠠᠨ ᠰᠤᠳᠤᠯᠪᠠ᠃ ᠣᠪᠣᠭ᠎ᠠ ᠶᠢᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠵᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠤᠨ ᠠᠬᠤᠢ ᠲᠠᠯᠠᠪᠠᠢ ᠳᠤ᠂ ᠬᠤᠸᠠᠩ ᠶᠠ ᠯᠢ | ᠲᠦᠷᠦᠯ ᠵᠦᠢᠯ ᠤᠨ ᠲᠥᠯᠦᠪᠵᠢᠭᠦᠯᠭᠡ᠂ ᠪᠡᠯᠡ ᠣᠷᠣᠭᠤᠯᠤᠯᠲᠠ ᠶᠢᠨ ᠲᠥᠰᠥᠪ᠂ ᠦᠶᠡᠷ ᠤᠨ ᠤᠰᠤ ᠶᠢ ᠬᠤᠪᠢᠶᠠᠨ | ᠬᠠᠳᠠᠭᠠᠯᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠤᠨ ᠪᠠᠶᠢᠴᠠ᠂ ᠪᠣᠷᠤᠭ᠎ᠠ | ᠣᠷᠣᠬᠤ ᠪᠠ ᠨᠢᠭᠡᠨᠲᠡ ᠪᠠᠶᠢᠭ᠎ᠠ ᠦᠶᠡᠷ ᠢ ᠰᠡᠷᠭᠡᠶᠢᠯᠡᠬᠦ ᠲᠥᠬᠦᠭᠡᠷᠦᠮᠵᠢ ᠵᠡᠷᠭᠡ ᠪᠣᠳᠠᠲᠤ ᠪᠠᠶᠢᠳᠠᠯ ᠲᠠᠢ | ᠤᠶᠠᠯᠳᠤᠭᠤᠯᠤᠨ ᠣᠷᠣᠨ ᠲᠣᠭᠤᠷᠢᠭ ᠤᠨ ᠠᠮᠢ ᠠᠬᠤᠢ ᠶᠢ ᠵᠠᠰᠠᠬᠤ ᠪᠠ ᠤᠰᠤ ᠠᠷᠪᠢᠯᠠᠬᠤ ᠠᠵᠢᠯᠯᠠᠭ᠎ᠠ ᠶᠢ | ᠨᠢᠭᠡᠳᠦᠯᠲᠡᠢ ᠲᠥᠯᠥᠪᠵᠢᠭᠦᠯᠵᠦ᠂ ᠬᠠᠰᠢᠯᠭ᠎ᠠ ᠳᠠᠯᠠᠩ ᠵᠢᠴᠢ ᠦᠶᠡᠷ ᠤᠨ ᠤᠰᠤ ᠶᠢ ᠬᠠᠳᠠᠭᠠᠯᠠᠬᠤ ᠬᠥᠮᠥᠷᠭᠡ ᠵᠡᠷᠭᠡ | ᠦᠶᠡᠷ ᠢ ᠰᠡᠷᠭᠡᠶᠢᠯᠡᠬᠦ ᠢᠨᠵᠧᠨᠧᠷᠢᠩ ᠤᠨ ᠤᠳᠤᠬᠢᠴᠢᠯᠠᠭᠰᠠᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠤᠨ᠂ ᠣᠪᠣᠭ᠎ᠠ ᠶᠢᠨ ᠭᠤᠣᠯ ᠤᠨ ᠢᠨᠵᠧᠨᠧᠷᠢᠩ ᠤᠨ ᠦᠶᠡᠷ ᠤᠨ ᠤᠰᠤ ᠶᠢ ᠬᠤᠪᠢᠶᠠᠨ ᠬᠠᠳᠠᠭᠠᠯᠠᠬᠤ | ᠴᠢᠳᠠᠪᠤᠷᠢ ᠶᠢ ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠤᠨ ᠵᠢᠷᠤᠭ ᠲᠥᠯᠥᠪᠯᠡᠭᠡ ᠶᠢ | ᠰᠢᠯᠢᠳᠡᠭᠵᠢᠭᠦᠯᠵᠦ᠂ ᠡᠯ᠎ᠡ ᠵᠠᠩᠭᠢᠯᠠᠭ᠎ᠠ ᠶᠢᠨ ᠪᠣᠭᠤᠮᠲᠠ ᠶᠢ ᠴᠢᠩᠭ᠎ᠠ ᠡᠵᠡᠮᠳᠡᠨ᠂ ᠪᠡᠯᠡ ᠮᠥᠩᠭᠦ ᠶᠢ ᠵᠠᠩᠭᠢᠯᠠᠭ᠎ᠠ ᠶᠢᠨ | ᠭᠠᠵᠠᠷ ᠲᠤ ᠵᠠᠷᠤᠴᠠᠭᠤᠯᠵᠤ᠂ ᠴᠢᠨᠠᠷ ᠰᠠᠶᠢᠲᠠᠢ ᠬᠡᠷᠡᠭᠵᠢᠭᠦᠯᠤᠨ᠂ ᠵᠢᠵᠢᠭ ᠰᠠᠪᠠ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠰᠠᠶᠢᠲᠤᠷ ᠪᠦᠲᠦᠭᠡᠨ ᠪᠠᠶᠢᠭᠤᠯᠵᠤ᠂ ︽ᠠᠮᠤᠷ | ᠲᠦᠪᠰᠢᠨ︾ ᠢ ᠪᠠᠲᠤᠯᠠᠬᠤ ᠶᠢᠨ ᠬᠠᠮᠲᠤ ᠪᠣᠷᠣᠭᠠᠨ ᠤ ᠣᠰᠣᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ | ᠭᠡᠪᠡ᠃ | ᠪᠤᠭᠤᠲᠤ ᠶᠢᠨ ᠤᠰᠤᠨ ᠴᠥᠭᠦᠷᠥᠮ ᠪᠣᠯᠣᠨ ᠮᠦᠷᠡᠨᠭᠤᠣᠯ ᠤᠨ ᠤᠰᠤᠨ ᠴᠥᠭᠦᠷᠥᠮ ᠳᠤ᠂ ᠬᠤᠸᠠᠩ ᠶᠠ ᠯᠢ | ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ᠂ ᠬᠠᠰᠢᠯᠭ᠎ᠠ ᠲᠡᠯᠡᠩ ᠢ ᠪᠠᠬᠢᠯᠡᠬᠦ ᠠᠵᠢᠯ ᠤᠨ ᠪᠠᠶᠢᠳᠠᠯ ᠢ | ᠨᠠᠷᠢᠨ ᠣᠶᠢᠯᠠᠭᠠᠵᠠᠢ᠃ ᠲᠡᠷᠡ᠂ ︽ᠭᠡᠨᠡᠳᠲᠡ ᠶᠢᠨ ᠦᠶᠡᠷ ᠤᠨ ᠭᠠᠮᠰᠢᠭ ᠡᠭᠦᠰᠬᠦ ᠶᠢ ᠰᠡᠷᠭᠡᠶᠢᠯᠡᠬᠦ︾ ᠠᠵᠢᠯ ᠢ | ᠴᠢᠩᠭ᠎ᠠ ᠠᠳᠬᠤᠨ᠂ ᠤᠰᠤᠨ ᠴᠥᠭᠦᠷᠥᠮ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ | ᠥᠨᠳᠥᠷ ᠪᠠᠷᠢᠮᠵᠢᠶ᠎ᠠ ᠪᠠᠷ ᠠᠬᠢᠭᠤᠯᠤᠨ᠂ ᠬᠠᠰᠢᠯᠭ᠎ᠠ ᠰᠡᠳᠡᠷᠡᠬᠦ ᠶᠢ ᠰᠡᠷᠭᠡᠶᠢᠯᠡᠬᠦ᠂ ᠬᠠᠰᠢᠯᠭ᠎ᠠ ᠶᠢ ᠪᠠᠬᠢᠯᠡᠬᠦ᠂ | ᠦᠶᠡᠷ ᠤᠨ ᠤᠰᠤ ᠶᠢ ᠬᠤᠪᠢᠶᠠᠷᠢᠯᠠᠬᠤ ᠬᠤᠭᠤᠯᠠᠢ ᠶᠢ ᠰᠢᠨ᠎ᠡ ᠪᠠᠷ ᠪᠠᠶᠢᠭᠤᠯᠬᠤ᠂ ᠮᠡᠳᠡᠭᠡ ᠵᠠᠩᠭᠢᠵᠢᠯᠲᠠ ᠶᠢᠨ ᠬᠢᠨᠠᠨ | ᠡᠵᠡᠮᠳᠡᠬᠦ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠡᠳᠦᠷ | ᠳᠤᠳᠤᠮ ᠤᠨ ᠬᠢᠨᠠᠯᠳᠠ ᠬᠠᠮᠢᠶᠠᠷᠤᠯᠳᠠ᠂ ᠲᠣᠭᠤᠷᠢᠨ ᠬᠠᠮᠠᠭᠠᠯᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠬᠡᠶᠢᠯᠡᠬᠦ | ᠠᠵᠢᠯ ᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠪᠠᠶᠢᠴᠠᠭᠠᠨ ᠴᠡᠭᠴᠡᠯᠡᠵᠦ᠂ | ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠢᠮᠠᠭ ᠤᠨ ᠤᠳᠤᠷᠢᠳᠤᠯᠭ᠎ᠠ ᠸᠧᠢ ᡁᠢ ᠭᠦᠸᠧ᠂ ᠯᠢᠦ ᠳ᠋ᠧ ᠪᠠᠷ᠎ᠠ ᠪᠤᠯᠵᠦ ᠪᠠᠶᠢᠴᠠᠭᠠᠨ ᠰᠤᠳᠤᠯᠪᠠ᠃ |