ᠡᠵᠡᠨ᠎ᠡ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠵᠡᠭᠦᠯᠦᠯᠭᠡ ᠶᠢᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2025/5/29
    ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠤᠯᠠᠮ ᠴᠢᠨᠠᠭᠰᠢᠳᠠ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠲᠥᠯᠥᠭᠡ᠂ 5 ᠰᠠᠷ᠎ᠠ ᠶᠢᠨ 26᠎ ᠤ ᠡᠳᠦᠷ᠂ ᠮᠠᠨ ᠤ ᠬᠤᠰᠢᠭᠤ ︽ᠲᠡᠭᠦᠰ ᠬᠦᠮᠦᠵᠢᠯ ᠤᠨ ᠤᠮᠳᠠᠯᠠᠬᠤᠢ᠂ ᠲᠡᠮᠡᠭᠡᠲᠦ ᠨᠤᠲᠤᠭ ᠤᠨ ᠤᠷᠠᠯᠠᠬᠤᠢ︾ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠵᠡᠭᠦᠯᠦᠯᠭᠡ ᠶᠢᠨ ᠠᠵᠢᠯᠯᠠᠭ᠎ᠠ ᠵᠢᠤᠢ ᠶᠠᠨ ᠤ ᠭᠡᠭᠡᠨ ᠰᠠᠷᠠᠨ ᠤ ᠰᠥᠨᠢ ᠶᠢᠨ ᠰᠣᠶᠣᠯ ᠤᠨ ᠵᠡᠭᠡᠯᠢ ᠲᠣᠭᠤᠷᠢᠭ ᠤᠨ ᠴᠠᠬᠢᠯᠭᠠᠨ       ᠬᠦᠭᠵᠢᠮ ᠤᠨ ᠠᠭᠤᠳᠠᠮ ᠲᠠᠯᠠᠪᠠᠢ ᠳᠤ ᠶᠠᠪᠤᠭᠳᠠᠪᠠ᠃    ᠲᠣᠰ ᠤᠳᠠᠭᠠᠨ ᠤ ᠦᠵᠡᠭᠦᠯᠦᠯᠭᠡ ᠨᠢ ᠬᠡᠦᠬᠡᠳ ᠪᠠᠭᠠᠴᠤᠳ ᠤᠨ ᠨᠠᠶᠢᠷᠠᠯ ᠳᠠᠭᠤᠨ ᠤ ᠳᠤᠮᠳᠠ ᠬᠥᠰᠢᠭᠡ ᠪᠠᠨ ᠰᠡᠭᠦᠯ᠎ᠡ᠃ ᠲᠡᠭᠦᠯᠳᠡᠷ ᠬᠤᠭᠤᠷ ᠤᠨ ᠭᠤᠴᠣᠯᠠᠯ ᠬᠥᠭᠵᠢᠮ ᠨᠢ ᠪᠣᠯᠪᠠᠰᠤᠷᠠᠩᠭᠤᠶ ᠬᠥᠭᠵᠢᠮᠳᠡᠬᠦ ᠤᠷ᠎ᠠ ᠳᠡᠮ ᠢᠶᠠᠷ ᠬᠥᠮᠦᠰ ᠢ ᠬᠥᠭᠵᠢᠮ ᠤᠨ ᠶᠢᠷᠲᠢᠨᠴᠦ ᠳᠤ ᠰᠤᠭᠲᠤᠷᠠᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠢᠶᠠᠷ ᠦᠩᠭᠡ ᠢᠯᠭᠠᠷᠠᠭᠰᠠᠨ ᠬᠥᠭᠡᠷᠦᠬᠦᠨ ᠠᠯᠢᠶ᠎ᠠ ᠳᠡᠭᠵᠢᠨ ᠬᠡᠤᠬᠡᠳ ᠤᠨ ᠤᠷᠠᠨ ᠪᠥᠵᠢᠭ ᠬᠦᠮᠦᠰ ᠤᠨ ᠤᠷᠮ᠎ᠠ ᠶᠢ       ᠬᠦᠭᠵᠢᠭᠡᠨ᠎ᠡ᠃ ᠬᠡᠦᠬᠡᠳ ᠤᠳ ᠪᠠᠰᠠ ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠪᠠᠨ ᠰᠠᠨᠰᠠᠷ ᠠᠶᠠᠯᠠᠯ ᠳᠤ ᠵᠣᠷᠢᠭᠤᠯᠤᠭᠰᠠᠨ ᠥᠯᠢᠭᠡᠷ ᠢ ᠠᠮᠢᠳᠤᠯᠢᠭ ᠢᠶᠠᠷ ᠶᠠᠷᠢᠨ ᠲᠤᠭᠯᠠᠵᠤ᠂ ᠡᠵᠡᠨ᠎ᠡ ᠬᠤᠰᠢᠭᠤᠨ ᠤ ᠮᠠᠯᠴᠢᠳ ᠤᠨ ᠰᠠᠨᠰᠠᠷ ᠠᠶᠠᠯᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ ᠪᠠᠶᠢᠭ᠎ᠠ ᠠᠤᠭ᠎ᠠ ᠦᠢᠯᠡᠰ ᠢ       ᠲᠡᠳᠡᠨᠡᠷ ᠤᠨ ᠬᠠᠷᠠᠭᠠᠰᠤ ᠠᠴᠠ ᠵᠢᠷᠤᠭᠯᠠᠨ᠎ᠠ᠃    ᠬᠤᠰᠢᠭᠤᠨ ᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠤᠨ ᠪᠠᠭᠰᠢ ᠷᠧᠨ ᠶᠠ ᠴᠢᠨ᠄ ︽ᠣᠶᠢᠷ᠎ᠠ ᠶᠢᠨ ᠵᠢᠯ ᠳᠤ᠂ ᠪᠢᠳᠡ ᠰᠤᠷᠤᠭᠴᠢᠳ ᠤᠨ ᠤᠷᠠᠯᠢᠭ ᠤᠨ ᠬᠡᠪ ᠪᠣᠯᠪᠠᠰᠤᠷᠠᠯ ᠤᠨ ᠲᠠᠯ᠎ᠠ ᠪᠠᠷ ᠬᠢ ᠬᠥᠮᠦᠵᠢᠯ ᠢ ᠮᠠᠰᠢ ᠴᠢᠬᠤᠯᠠᠴᠢᠯᠠᠵᠤ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠪᠠᠶᠠᠯᠢᠭ ᠰᠠᠶᠢᠬᠠᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠳᠠᠭᠤᠤ᠂ ᠪᠥᠵᠢᠭ᠂ ᠬᠥᠭᠵᠢᠮ ᠵᠡᠷᠭᠡ       ᠲᠠᠯ᠎ᠠ ᠶᠢᠨ ᠤᠷᠮ᠎ᠠ ᠶᠢ ᠬᠦᠭᠵᠢᠭᠡᠬᠦ ᠶᠢᠨ ᠬᠠᠮᠲᠤ ᠰᠤᠷᠭᠠᠭᠤᠯᠢ ᠳᠤ ᠴᠦ ᠶᠡᠭᠡ ᠭᠡᠷᠡᠯ ᠬᠢᠯᠪᠠᠭ᠎ᠠ ᠶᠢ ᠨᠡᠮᠡᠷᠢᠯᠡᠨ᠎ᠡ︾ ᠭᠡᠪᠡ᠃    ᠲᠣᠭᠯᠠᠯᠲᠠ ᠳᠤᠮᠳᠠ ᠬᠤᠯᠪᠣᠭ᠎ᠠ᠂ ᠲᠠᠶᠢᠰᠠᠨ ᠤ ᠵᠦᠴᠦᠭᠡ᠂ ᠬᠥᠭᠵᠢᠮ᠂ ᠤᠷᠠᠨ ᠤᠩᠰᠢᠯᠭ᠎ᠠ ᠵᠡᠷᠭᠡ ᠲᠣᠭᠯᠠᠯᠲᠠ ᠡᠭᠡᠯᠵᠢᠯᠡᠨ ᠶᠠᠪᠤᠭᠳᠠᠵᠤ᠂ ᠦᠨᠳᠦᠰᠦᠲᠡᠨ ᠤ ᠰᠣᠶᠣᠯ ᠪᠣᠯᠤᠨ ᠤᠳᠤ ᠦᠶ᠎ᠡ ᠶᠢᠨ ᠤᠷᠠᠯᠢᠭ ᠢ ᠰᠤᠯᠪᠢᠴᠠᠭᠤᠯᠤᠨ ᠤᠷᠠᠯᠢᠭ ᠤᠨ ᠷᠢᠳᠢ ᠰᠢᠳᠢ ᠶᠢ ᠢᠯᠡᠷᠡᠭᠦᠯᠪᠡ᠃ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠦᠵᠡᠭᠴᠢᠳ ᠪᠠᠶᠢᠨ ᠳᠠᠬᠢᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠯ᠎ᠠ᠃    ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠡᠷᠬᠢᠯᠡᠭᠴᠢ ᠸᠠᠩ ᠭᠠᠩ᠄       ︽ᠰᠤᠷᠤᠭᠴᠢ ᠨᠢᠭᠡᠪᠦᠷᠢ ᠶᠢ ᠣᠷᠣᠯᠴᠠᠭᠤᠯᠬᠤ ᠪᠠᠷ ᠴᠢᠷᠮᠠᠶᠢᠵᠤ᠂ ᠰᠤᠷᠭᠠᠭᠤᠯᠢ ᠪᠤᠯᠭᠠᠨ ᠬᠥᠳᠡᠯᠭᠡᠭᠡᠨ ᠲᠠᠢ᠂ ᠬᠥᠮᠦᠨ ᠪᠦᠬᠦᠨ ᠤᠷᠤᠯᠴᠠᠵᠤ ᠴᠢᠳᠠᠬᠤ ᠪᠠᠶᠢᠳᠠᠯ ᠢ ᠪᠣᠶ ᠪᠤᠯᠭᠠᠨ᠎ᠠ᠃ ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠰᠢᠨ᠎ᠡ ᠶᠢ ᠡᠭᠦᠳᠦᠨ ᠥᠷᠨᠢᠬᠦ ᠶᠢ ᠠᠬᠢᠭᠤᠯᠤᠨ᠎ᠠ᠃ ᠡᠭᠦᠨ ᠠᠴᠠ ᠬᠤᠶᠢᠰᠢ᠂ ᠮᠠᠨ ᠤ ᠬᠤᠰᠢᠭᠤᠨ ᠤ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠣᠯᠠᠨ ᠲᠦᠮᠡᠨ ᠳᠤ ᠪᠠᠶᠠᠯᠢᠭ ᠰᠠᠶᠢᠬᠠᠨ ᠤᠷᠠᠯᠢᠭ ᠤᠨ ᠠᠵᠢᠯᠯᠠᠭ᠎ᠠ ᠥᠷᠨᠢᠭᠦᠯᠬᠦ ᠪᠣᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号