ᠣᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ | ᠡᠭᠦᠳᠡᠨ ᠡᠮᠨᠡᠯᠭᠡ ᠳᠤ ᠴᠡᠩᠬᠡᠷ ᠬᠠᠷᠠᠩ᠂ ᠨᠢᠳᠦᠨ ᠤ ᠥᠨᠳᠥᠷ ᠳᠠᠷᠤᠯᠲᠠ ᠶᠢᠨ ᠡᠪᠡᠳᠴᠢᠨ ᠢ ᠰᠢᠭᠰᠢᠨ ᠪᠠᠶᠢᠴᠠᠭᠠᠬᠤ | ᠡᠭᠦᠳᠡᠨ ᠡᠮᠨᠡᠯᠭᠡ ᠰᠢᠨ᠎ᠡ ᠪᠠᠷ ᠨᠡᠮᠡᠭᠳᠡᠵᠦ᠂ ᠡᠪᠡᠳᠴᠢᠲᠡᠨ ᠳᠤ ᠲᠥᠬᠦᠮ ᠳᠦᠳᠡ᠂ ᠴᠢᠨᠠᠷ ᠰᠠᠶᠢᠲᠠᠶ ᠡᠪᠡᠳᠴᠢᠨ | ᠦᠵᠡᠭᠦᠯᠬᠦ ᠦᠢᠯᠡᠴᠢᠯᠡᠭᠡ ᠬᠠᠩᠭᠠᠨ᠎ᠠ᠃ | ᠴᠡᠩᠬᠡᠷ ᠬᠠᠷᠠᠩ᠂ ᠨᠢᠳᠤᠨ ᠤ ᠥᠨᠳᠥᠷ ᠳᠠᠷᠤᠯᠲᠠ ᠶᠢᠨ ᠡᠪᠡᠳᠴᠢᠨ ᠢ ᠰᠢᠭᠰᠢᠨ ᠪᠠᠶᠢᠴᠠᠭᠠᠬᠤ ᠡᠭᠦᠳᠡᠨ | ᠡᠮᠨᠡᠯᠭᠡ ᠳᠤ ᠤᠷᠤᠬᠤ ᠳᠤ᠂ ᠡᠪᠡᠳᠴᠢᠨ ᠦᠵᠡᠭᠦᠯᠬᠦ ᠪᠠᠷ ᠢᠷᠡᠭᠰᠡᠨ ᠡᠪᠡᠳᠴᠢᠲᠡᠨ ᠨᠡᠯᠢᠶᠡᠳ ᠪᠠᠶᠢᠵᠤ᠂ ᠡᠮᠴᠢ ᠨᠠᠷ | ᠨᠢᠳᠦᠨ ᠤ ᠰᠠᠯᠠᠭᠠᠨ ᠤ ᠡᠪᠡᠳᠴᠢᠨ ᠲᠠᠢ ᠡᠪᠡᠳᠴᠢᠲᠡᠨ ᠳᠤ ᠴᠢᠭᠯᠡᠭᠦᠯᠦᠨ᠂ ᠠᠩᠬ᠎ᠠ ᠤᠳᠠᠭ᠎ᠠ ᠤᠨᠤᠰᠢᠯᠠᠨ᠂ | ᠤᠨᠤᠪᠴᠢᠲᠠᠢ ᠪᠠᠷ ᠡᠮᠨᠡᠨ ᠵᠠᠰᠠᠬᠤ ᠠᠴᠠ ᠳᠠᠷᠠᠭᠠᠬᠢ ᠡᠷᠡᠭᠦᠯᠵᠢᠯ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ | ᠪᠥᠬᠦ ᠲᠠᠯ᠎ᠠ ᠶᠢᠨ᠂ ᠨᠠᠷᠢᠯᠢᠭ ᠡᠮᠴᠢᠯᠡᠭᠡᠨ ᠤ ᠦᠢᠯᠡᠴᠢᠯᠡᠭᠡ ᠬᠠᠩᠭᠠᠪᠠ᠃ | ᠣᠶᠢᠯᠠᠭᠠᠭᠰᠠᠨ ᠢᠶᠠᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠴᠢᠯᠥᠭᠡᠯᠡᠬᠦ ᠴᠡᠷᠢᠭ ᠤᠨ | ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠬᠠᠪᠰᠤᠷᠤᠨ | ᠲᠡᠳᠬᠦᠭᠰᠡᠨ ᠠᠴᠠ ᠨᠠᠰᠢ᠂ ᠤᠷᠢᠳ ᠬᠤᠵᠢᠳ ᠬᠠᠭᠤᠷᠠᠶ ᠨᠢᠳᠦᠨ ᠤ ᠡᠭᠦᠳᠡᠨ ᠡᠮᠨᠡᠯᠭᠡ᠂ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠡᠭᠦᠳᠡᠨ ᠡᠮᠨᠡᠯᠭᠡ᠂ ᠰᠢᠬᠢᠷ ᠰᠢᠵᠢᠩ ᠡᠪᠡᠳᠴᠢᠨ ᠤ | ᠨᠢᠳᠦᠨ ᠤ ᠤᠭ ᠤᠨ ᠡᠪᠡᠳᠴᠢᠨ ᠢ ᠰᠢᠭᠰᠢᠨ ᠪᠠᠶᠢᠴᠠᠭᠠᠬᠤ ᠡᠭᠦᠳᠡᠨ ᠡᠮᠨᠡᠯᠭᠡ ᠭᠠᠷᠭᠠᠵᠤ᠂ ᠨᠢᠳᠦᠨ ᠤ ᠰᠠᠯᠠᠭᠠᠨ ᠤ | ᠡᠭᠦᠳᠡᠨ ᠡᠮᠨᠡᠯᠭᠡ ᠶᠢᠨ ᠰᠢᠰᠲ᠋ᠧᠮ ᠵᠢᠴᠢ ᠨᠢᠳᠦᠨ ᠤ ᠰᠠᠯᠠᠭᠠᠨ ᠤ ᠡᠭᠦᠳᠡᠨ ᠡᠮᠨᠡᠯᠭᠡ ᠶᠢᠨ ᠮᠡᠰᠡ ᠵᠠᠰᠠᠯ ᠤᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃ | ᠡᠪᠡᠳᠴᠢᠲᠡᠨ ᠳ᠋ᠦᠨ ᠶᠣᠣ ᠽᠧᠩ᠄ ︽ᠤᠤᠯ ᠳᠤ ᠪᠠᠨ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠲᠤᠰᠬᠠᠶ | ᠨᠢᠳᠦᠨ ᠤ ᠰᠠᠯᠠᠭᠠᠨ ᠤ ᠡᠭᠦᠳᠡᠨ ᠡᠮᠨᠡᠯᠭᠡ ᠪᠠᠶᠢᠬᠤ ᠦᠭᠡᠢ᠂ ᠡᠶᠢᠮᠦ ᠠᠴᠠ ᠡᠪᠡᠳᠴᠢᠨ ᠦᠵᠡᠭᠦᠯᠬᠦ ᠳᠤ ᠳᠥᠭᠦᠮ | ᠦᠭᠡᠢ ᠪᠠᠶᠢᠭᠰᠠᠨ᠃ ᠪᠢ ᠦᠷᠭᠦᠯᠵᠢ ᠬᠦᠬᠡᠬᠤᠲᠠ ᠵᠢᠦᠴᠢᠦᠸᠠᠨ ᠬᠤᠲᠠ ᠳᠤ ᠪᠠᠶᠢᠴᠠᠭᠠᠳᠠᠭ᠂ ᠵᠠᠷᠢᠮ ᠳᠠᠭᠠᠨ ᠵᠠᠮ | ᠲᠠᠭᠠᠷᠠᠳᠠᠭ᠂ ᠵᠠᠷᠢᠮ ᠳᠠᠭᠠᠨ ᠲᠤᠰᠬᠠᠶᠢᠯᠠᠨ ᠬᠡᠳᠦᠨ ᠡᠳᠦᠷ ᠤᠨ ᠴᠢᠯᠥᠭᠡ ᠭᠤᠶᠤᠵᠤ ᠪᠠᠶᠢᠴᠠᠭᠠᠯᠭᠠᠳᠠᠭ᠂ ᠮᠠᠰᠢ | ᠳᠥᠭᠦᠮ ᠦᠭᠡᠢ ᠪᠠᠶᠢᠭᠰᠠᠨ᠃ ᠡᠨᠡ ᠡᠭᠦᠳᠡᠨ ᠡᠮᠨᠡᠯᠭᠡ ᠡᠬᠢᠯᠡᠭᠰᠡᠨ ᠤ ᠳᠠᠷᠠᠭ᠎ᠠ᠂ ᠪᠢ ᠦᠷᠭᠦᠯᠵᠢ ᠭᠠᠷᠠᠭ ᠪᠦᠷᠢ | ᠢᠷᠡᠵᠦ ᠨᠢᠭᠡ ᠤᠳᠠᠭᠠᠨ ᠤ ᠡᠩ ᠤᠨ ᠪᠠᠢᠴᠠᠭᠠᠯᠲᠠ ᠬᠢᠬᠦ ᠪᠤᠯᠤᠭᠰᠠᠨ᠂ ᠡᠨᠡ ᠨᠢ ᠪᠢᠳᠡᠨ ᠳᠤ ᠮᠠᠰᠢ ᠶᠡᠭᠡ ᠳᠥᠭᠦᠮ ᠢ | ᠦᠵᠡᠭᠦᠯᠦᠭᠰᠡᠨ︾ ᠭᠡᠪᠡ᠃ | ᠸᠠᠩ ᠵᠢᠩ ᠮᠧᠶ ᠪᠣᠯ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠭᠤᠤᠯ | ᠡᠮᠴᠢ ᠪᠤᠯᠤᠨ᠎ᠠ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠤᠭᠤᠴᠠᠭᠠᠨ ᠳᠠᠭᠠᠨ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ | ᠡᠮᠨᠡᠯᠭᠡ ᠶᠢᠨ ᠲᠥᠪ ᠤᠨ ᠨᠢᠳᠦᠨ ᠤ ᠰᠠᠯᠠᠭᠠᠨ ᠤ ᠡᠮᠴᠢᠯᠡᠭᠡᠨ ᠳᠤ ᠰᠤᠷᠤᠯᠴᠠᠵᠠᠶ᠃ ᠬᠠᠪᠰᠤᠷᠤᠨ ᠲᠡᠳᠬᠦᠬᠦ | ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠨᠠᠷᠢᠨ ᠨᠢᠮᠪᠠᠶ ᠵᠢᠯᠣᠭᠤᠳᠣᠯᠭ᠎ᠠ ᠳᠤᠤᠷ᠎ᠠ᠂ | ᠲᠡᠷᠡ ᠡᠯ᠎ᠡ ᠵᠦᠢᠯ ᠤᠨ ᠨᠠᠷᠢᠨ ᠪᠤᠳᠤᠯᠢᠶᠠᠨᠲᠠᠶ ᠨᠢᠳᠦᠨ ᠤ ᠰᠠᠯᠠᠭᠠᠨ ᠤ ᠡᠪᠡᠳᠴᠢᠨ ᠢ ᠬᠠᠮᠲᠤᠷᠠᠨ ᠣᠨᠣᠰᠢᠯᠠᠬᠤ ᠪᠠ | ᠮᠡᠰᠡ ᠵᠠᠰᠠᠯ ᠳᠤ ᠢᠳᠡᠪᠬᠢᠲᠡᠶ ᠣᠷᠣᠯᠴᠠᠵᠤ᠂ ᠮᠢᠺᠷᠣᠰᠺᠣᠫ ᠤᠨ ᠳᠤᠤᠷ᠎ᠠ ᠨᠢᠳᠦᠨ ᠤᠷᠭᠤᠭᠰᠠᠨ ᠮᠢᠬ᠎ᠠ ᠶᠢ | ᠣᠭᠲᠣᠯᠵᠤ ᠠᠪᠬᠤ ᠵᠠᠰᠠᠯ᠂ ᠨᠢᠳᠦᠨ ᠠᠨᠢᠰᠬ᠎ᠠ ᠶᠢ ᠰᠤᠯᠠᠷᠠᠭᠤᠯᠬᠤ ᠵᠠᠰᠠᠯ᠂ ᠠᠨᠢᠰᠬ᠎ᠠ ᠶᠢ ᠤᠷᠪᠠᠭᠤᠯᠵᠤ | ᠰᠤᠷᠮᠤᠤᠰᠤ ᠶᠢ ᠵᠠᠯᠠᠷᠠᠭᠤᠯᠬᠤ ᠵᠠᠰᠠᠯ ᠵᠡᠷᠭᠡ ᠣᠯᠠᠨ ᠵᠦᠢᠯ ᠤᠨ ᠨᠢᠳᠦᠨ ᠤ ᠰᠠᠯᠠᠭᠠᠨ ᠤ ᠮᠡᠰᠡ ᠵᠠᠰᠠᠯ ᠳᠤ | ᠣᠷᠣᠯᠴᠠᠵᠤ᠂ ᠮᠡᠰᠡ ᠵᠠᠰᠠᠯ ᠨᠢᠭᠡᠪᠦᠷᠢ ᠨᠢ ᠴᠥᠮ ᠲᠡᠭᠦᠨ ᠤ ᠲᠤᠷᠰᠢᠯᠭ᠎ᠠ᠂ ᠴᠠᠭᠠᠷᠠᠭᠰᠠᠨ ᠮᠡᠷᠭᠡᠵᠢᠯ ᠢ | ᠬᠤᠷᠠᠮᠳᠤᠭᠤᠯᠬᠤ ᠬᠤᠪᠣᠷ ᠲᠣᠬᠢᠶᠠᠯ ᠪᠣᠯᠤᠭᠰᠠᠨ ᠪᠠᠶᠢᠨ᠎ᠠ᠃ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠳᠦ ᠴᠢᠬᠢ ᠬᠠᠮᠠᠷ ᠬᠤᠭᠤᠯᠠᠶ ᠶᠢᠨ ᠰᠠᠯᠠᠭᠠᠨ ᠤ | ᠠᠵᠢᠯ ᠡᠷᠭᠢᠯᠡᠬᠦ ᠡᠮᠴᠢ᠂ ᠨᠢᠳᠦᠨ ᠤ ᠰᠠᠯᠠᠭᠠᠨ ᠤ ᠭᠤᠤᠯ ᠡᠮᠴᠢ ᠸᠠᠩ ᠵᠢᠩ ᠮᠧᠶ᠄ ︽ᠢᠷᠡᠭᠡᠳᠦᠶ ᠳᠤ ᠪᠠᠰᠠ | ᠲᠤᠰᠬᠠᠶ ᠨᠢᠳᠦᠨ ᠤ ᠰᠠᠯᠠᠭᠠᠨ ᠤ ᠣᠨᠣᠰᠢᠯᠠᠨ ᠡᠮᠨᠡᠬᠦ ᠲᠥᠪ ᠪᠠᠶᠢᠭᠤᠯᠵᠤ᠂ ᠣᠲᠣ ᠶᠢᠨ ᠪᠠᠶᠢᠭ᠎ᠠ ᠨᠢᠳᠦᠨ ᠤ | ᠰᠠᠯᠠᠭᠠᠨ ᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠨᠠᠩ ᠲᠤᠰᠬᠠᠶ ᠮᠡᠷᠭᠡᠵᠢᠯ ᠤᠨ ᠬᠡᠮᠵᠢᠭᠦᠷᠯᠢᠭ | ᠲᠥᠬᠦᠭᠡᠷᠦᠮᠵᠢ᠂ ᠵᠢᠱᠢᠶᠡᠯᠡᠪᠡᠯ ᠨᠢᠳᠦᠨ ᠤ ᠰᠠᠯᠠᠭᠠᠨ ᠤ OCT᠂ ᠨᠢᠯᠪᠤᠰᠤᠨ ᠪᠦᠷᠬᠦᠪᠴᠢ ᠶᠢᠨ ᠵᠠᠳᠠᠯᠤᠨ | ᠰᠢᠨᠵᠢᠯᠡᠬᠦ ᠪᠠᠭᠠᠵᠢ᠂ ᠬᠠᠷᠠᠭ᠎ᠠ ᠶᠢ ᠶᠡᠷᠦᠩᠬᠡᠶ ᠵᠠᠳᠠᠯᠤᠨ ᠰᠢᠨᠵᠢᠯᠡᠬᠦ ᠪᠠᠭᠠᠵᠢ ᠵᠡᠷᠭᠡ ᠶᠢ ᠳᠣᠭᠢᠷᠠᠭᠤᠯᠵᠤ᠂ ᠮᠠᠨ ᠤ | ᠣᠨᠣᠰᠢᠯᠠᠨ ᠡᠮᠨᠡᠬᠦ ᠦᠢᠯᠡᠴᠢᠯᠡᠭᠡ ᠶᠢ ᠨᠠᠩ ᠨᠠᠷᠢᠯᠢᠭᠵᠢᠭᠤᠯᠤᠨ ᠲᠤᠰᠬᠠᠶᠢᠵᠢᠭᠤᠯᠵᠤ᠂ ᠡᠪᠡᠳᠴᠢᠲᠡᠨ ᠳᠤ ᠨᠠᠷᠢᠯᠢᠭ | ᠤᠨᠤᠪᠴᠢᠲᠠᠢ ᠣᠨᠣᠰᠢᠯᠠᠭ᠎ᠠ ᠬᠠᠩᠭᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠪᠡᠶᠡᠴᠢ ᠣᠶᠢᠯᠠᠭᠠᠯᠲᠠ ᠶᠢ ᠨᠠᠩ | ᠰᠠᠶᠢᠲᠤᠷ ᠳᠡᠭᠡᠭᠰᠢᠯᠡᠭᠦᠯᠬᠦ ᠪᠠᠷ ᠴᠢᠷᠮᠠᠶᠢᠨ᠎ᠠ︾ ᠭᠡᠪᠡ᠃ | ᠣᠶᠢᠷ᠎ᠠ ᠶᠢᠨ ᠵᠢᠯ ᠤᠳ ᠲᠤ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠴᠢᠯᠥᠭᠡᠯᠡᠬᠦ | ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠠᠵᠢᠯ | ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠡᠬᠢ ᠪᠠᠶᠠᠯᠢᠭ ᠤᠨ ᠳᠠᠪᠠᠭᠤᠯᠢᠭ ᠢ ᠥᠨᠳᠥᠷ ᠪᠦᠲᠦᠮᠵᠢᠲᠡᠶ ᠪᠠᠷ | ᠠᠰᠢᠭᠯᠠᠵᠤ᠂ ᠡᠮᠴᠢᠯᠡᠭᠡᠨ ᠤ ᠮᠡᠷᠭᠡᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠦᠢᠯᠡᠴᠢᠯᠡᠭᠡ ᠶᠢ | ᠴᠢᠩᠭᠠᠳᠬᠠᠵᠤ᠂ ᠡᠪᠡᠳᠴᠢᠲᠡᠨ ᠳᠤ ᠨᠠᠩ ᠳᠥᠭᠦᠮ ᠳᠥᠲᠡ᠂ ᠴᠢᠨᠠᠷ ᠰᠠᠶᠢᠲᠠᠶ ᠡᠪᠡᠳᠴᠢᠨ ᠦᠵᠡᠭᠦᠯᠬᠦ | ᠦᠢᠯᠡᠴᠢᠯᠡᠭᠡ ᠬᠠᠩᠭᠠᠨ᠂ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ᠂ | ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠬᠡᠮᠵᠢᠶ᠎ᠡ 15% ᠪᠠᠷ | ᠨᠡᠮᠡᠭᠳᠡᠵᠦ᠂ ᠴᠡᠩᠬᠡᠷ ᠬᠠᠷᠠᠩ ᠤᠨ ᠡᠭᠦᠳᠡᠨ ᠡᠮᠨᠡᠯᠭᠡ ᠶᠢᠨ ᠡᠷᠲᠡ ᠰᠢᠭᠰᠢᠭᠰᠡᠨ ᠨᠣᠷᠮ᠎ᠠ ᠳᠡᠭᠡᠭᠰᠢᠯᠡᠭᠡᠳ | 90% ᠳᠤ ᠬᠦᠷᠴᠦ᠂ ᠨᠢᠭᠡᠨᠲᠡ ᠴᠡᠩᠬᠡᠷ ᠬᠠᠷᠠᠩ ᠡᠪᠡᠳᠴᠢᠲᠡᠨ 50᠂ ᠨᠢᠳᠦᠨ ᠤ ᠳᠠᠷᠤᠯᠲᠠ ᠥᠨᠳᠥᠷ | ᠡᠪᠡᠳᠴᠢᠲᠡᠨ 60 ᠶᠢ ᠰᠢᠭᠰᠢᠨ ᠪᠠᠶᠢᠴᠠᠭᠠᠵᠤ ᠭᠠᠷᠭᠠᠪᠠ᠃ |